︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠭᠡᠯᠡᠭᠴᠢ ᠰᠧ ᠮᠦᠸᠧ︶ ᠲᠦᠷᠦᠭᠦᠬᠡᠨ᠂ ᠬᠤᠲᠠ ᠶᠢᠨ | ᠡᠳ᠋ ᠤᠨ ᠵᠠᠰᠠᠭ ᠠᠴᠠ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠮᠥᠩᠭᠦ 49904 | ᠲᠦᠮᠡᠨ ᠲᠥᠭᠦᠷᠢᠭ ᠪᠠᠭᠤᠯᠭᠠᠵᠤ᠂ ᠪᠥᠬᠦ ᠬᠤᠲᠠ ᠶᠢᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠤᠨ ᠠᠪᠤᠷᠠᠨ | ᠲᠤᠰᠠᠯᠠᠬᠤ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠠᠪᠤᠷᠠᠨ ᠲᠤᠰᠠᠯᠠᠬᠤ᠂ ᠥᠨᠥᠴᠢᠨ ᠬᠡᠦᠬᠡᠳ ᠪᠣᠯᠣᠨ | ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠵᠡᠷᠭᠡ ᠬᠦᠴᠢᠷᠳᠡᠯᠲᠡᠢ ᠣᠯᠠᠨ ᠲᠦᠮᠡᠨ ᠤ ᠦᠨᠳᠦᠰᠦᠨ | ᠠᠮᠢᠳᠤᠷᠠᠯ ᠤᠨ ᠪᠠᠲᠤᠯᠠᠭ᠎ᠠ ᠳᠤ ᠨᠢᠭᠡᠳᠦᠯᠲᠡᠢ ᠲᠥᠯᠥᠪᠯᠡᠨ ᠬᠡᠷᠡᠭᠯᠡᠪᠡ᠃ | ᠡᠭᠦᠨ ᠤ ᠬᠠᠮᠲᠤ᠂ ᠬᠤᠲᠠ ᠶᠢᠨ ᠡᠳ᠋ ᠤᠨ ᠵᠠᠰᠠᠭ ᠠᠴᠠ 33599 ᠶᠠᠳᠠᠭᠤ ᠬᠦᠴᠢᠷᠳᠡᠯᠲᠡᠢ ᠵᠡᠮᠳᠡᠭᠴᠦᠳ ᠪᠠ | 28093 ᠬᠦᠨᠳᠦ ᠵᠡᠮᠳᠡᠭᠴᠦᠳ ᠲᠤ ᠠᠮᠢᠳᠤᠷᠠᠯ ᠪᠠ ᠰᠤᠪᠢᠯᠠᠯᠲᠠ ᠶᠢᠨ ᠨᠥᠬᠦᠪᠦᠷᠢ 4627 ᠲᠦᠮᠡᠨ ᠲᠥᠭᠦᠷᠢᠭ | ᠪᠠᠭᠤᠯᠭᠠᠵᠤ᠂ ᠬᠦᠴᠢᠷᠳᠡᠯᠲᠡᠢ ᠪᠠ ᠬᠦᠨᠳᠦ ᠵᠡᠮᠳᠡᠭᠴᠦᠳ ᠲᠤ ᠪᠦᠲᠦᠮᠵᠢᠲᠡᠶ ᠠᠰᠢᠭ ᠬᠦᠷᠲᠡᠭᠡᠪᠡ᠃ 4025 ᠲᠦᠮᠡᠨ | ᠲᠥᠭᠦᠷᠢᠭ ᠪᠠᠭᠤᠯᠭᠠᠵᠤ᠂ ᠪᠥᠬᠦ ᠬᠤᠲᠠ ᠶᠢᠨ 65961 ᠨᠡᠷᠡᠰ 80 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠲᠤ ᠥᠨᠳᠥᠷ ᠨᠠᠰᠤᠨ ᠤ ᠨᠥᠬᠦᠪᠦᠷᠢ ᠣᠯᠭᠤᠪᠠ᠃ 1629 ᠲᠦᠮᠡᠨ ᠲᠥᠭᠦᠷᠢᠭ ᠪᠠᠭᠤᠯᠭᠠᠵᠤ᠂ | 54309 ᠠᠵᠤ ᠠᠬᠤᠢ ᠬᠦᠴᠢᠷᠳᠡᠯᠲᠡᠢ ᠨᠠᠰᠤᠲᠠᠶᠢᠴᠤᠳ ᠲᠤ ᠨᠠᠰᠤᠵᠢᠯ ᠤᠨ ᠦᠢᠯᠡᠴᠢᠯᠡᠭᠡᠨ ᠤ ᠨᠥᠬᠦᠪᠦᠷᠢ | ᠣᠯᠭᠤᠵᠤ᠂ ᠪᠥᠬᠦ ᠬᠤᠲᠠ ᠶᠢᠨ ᠨᠠᠰᠤᠲᠠᠶᠢᠴᠤᠳ ᠲᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ | ᠥᠲᠡᠯᠦᠭᠡ ᠨᠠᠰᠤ ᠶᠢ ᠨᠢ ᠵᠣᠯ ᠵᠢᠷᠭᠠᠯ ᠲᠠᠢ ᠥᠩᠭᠡᠷᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠲᠠᠰᠤᠷᠠᠯᠲᠠ ᠦᠭᠡᠢ ᠨᠡᠮᠡᠭᠳᠡᠭᠦᠯᠪᠡ᠃ | | |