ᠲᠣᠭᠠᠴᠠᠯᠠᠭᠰᠠᠨ ᠴᠠᠭ ᠦᠶ᠎ᠡ ᠳᠤ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷᠡᠴᠢᠯᠡᠭᠡ ᠨᠢ | ᠠᠭᠠᠵᠢᠮ ᠢᠶᠠᠷ ᠤᠯᠠᠮᠵᠢᠯᠠᠯᠲᠤ ᠵᠠᠭᠪᠤᠷ ᠠᠴᠠ ᠰᠦᠯᠵᠢᠶᠡᠨ ᠳᠡᠭᠡᠷ᠎ᠡ ᠭᠦᠢᠴᠡᠳᠬᠡᠬᠦ ᠵᠦᠭ ᠰᠢᠯᠵᠢᠭᠰᠡᠨ ᠪᠠᠶᠢᠨ᠎ᠠ᠂ | ᠡᠨᠡ ᠨᠢ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠣᠯᠠᠨ ᠲᠦᠮᠡᠨ ᠳᠤ ᠳᠥᠭᠦᠮ ᠦᠵᠡᠭᠦᠯᠬᠦ ᠶᠢᠨ ᠲᠥᠯᠥᠭᠡ ᠶᠤᠮ᠂ | ᠭᠡᠲᠡᠯ᠎ᠡ ᠮᠠᠰᠢ ᠣᠯᠠᠨ ᠨᠠᠰᠤᠲᠠᠶᠢᠴᠤᠳ ᠲᠤ ᠠᠪᠴᠤ ᠬᠡᠯᠡᠪᠡᠯ᠂ ᠨᠢᠭᠡᠨ ᠳᠠᠪᠠᠭ᠋ᠤ ᠳᠤ ᠪᠡᠷᠬᠡᠲᠡᠢ ︽ᠲᠣᠭᠠᠨ ᠤ ᠵᠠᠭᠠᠭ︾ | ᠪᠣᠯᠤᠭᠰᠠᠨ ᠪᠠᠶᠢᠨ᠎ᠠ᠃ ᠲᠡᠳᠡᠨ ᠤ ᠳᠣᠲᠣᠷᠠᠬᠢ ᠮᠠᠰᠢ ᠣᠯᠠᠨ ᠬᠥᠮᠥᠰ ᠣᠶᠤᠨᠴᠢ ᠭᠠᠷ ᠤᠲᠠᠰᠤᠨ ᠤ | ᠠᠵᠢᠯᠯᠠᠭ᠎ᠠ ᠶᠢ ᠥᠴᠥᠬᠡᠨ ᠴᠦ ᠮᠡᠳᠡᠬᠦ ᠦᠭᠡᠢ᠂ ᠪᠤᠳᠤᠯᠢᠶᠠᠨᠲᠠᠢ ᠭᠡᠷᠡᠴᠢᠯᠡᠯ ᠤᠨ ᠶᠠᠪᠤᠴᠠ ᠪᠠ ᠡᠯᠧᠺᠲᠷᠣᠨ | ᠲᠥᠬᠦᠭᠡᠷᠦᠮᠵᠢ ᠶᠢᠨ ᠡᠮᠦᠨ᠎ᠡ ᠦᠷᠭᠦᠯᠵᠢ ᠪᠣᠬᠢᠨᠢᠳᠠᠨ ᠰᠠᠨᠳᠤᠷᠠᠳᠠᠭ᠃ ᠰᠠᠭᠤᠭᠠᠯᠢ ᠠᠷᠠᠳ ᠤᠨ ︽ᠭᠡᠷᠡᠴᠢᠯᠡᠯ ᠤᠨ | ᠵᠣᠪᠠᠨᠢᠯ︾ ᠢ ᠰᠢᠢᠳᠪᠦᠷᠢᠯᠡᠬᠦ ᠶᠢᠨ ᠲᠥᠯᠥᠭᠡ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠴᠣᠩᠬᠤ ᠨᠢ | ᠠᠶᠠᠨᠳᠠᠭᠠᠨ ᠪᠣᠶ ᠪᠣᠯᠵᠤ᠂ ᠣᠯᠠᠨ ᠲᠦᠮᠡᠨ ᠢ ᠬᠤᠯᠪᠣᠭᠰᠠᠨ ᠰᠡᠳᠬᠢᠯ ᠢ ᠳᠤᠯᠠᠭᠠᠴᠠᠭᠤᠯᠬᠤ ᠬᠥᠭᠦᠷᠭᠡ ᠪᠣᠯᠤᠭᠰᠠᠨ | ᠪᠠᠶᠢᠨ᠎ᠠ᠃ | ᠶᠤᠮ ᠤᠨ ᠪᠠᠶᠢᠰᠢᠩ ᠪᠠᠯᠭᠠᠰᠤᠨ ᠤ ᠶᠤᠸᠠᠨ ᠱᠠᠨ ᠽᠢ ᠲᠣᠰᠬᠤᠨ ᠤ ᠴᠠᠩ ᠣᠪᠣᠭᠲᠤ ᠨᠠᠰᠤᠲᠠᠨ | ᠭᠠᠭᠴᠠᠭᠠᠷ ᠰᠠᠭᠤᠵᠤ᠂ ᠦᠷ᠎ᠡ ᠬᠡᠦᠬᠡᠳ ᠨᠢ ᠤᠳᠠᠭᠠᠨ ᠵᠢᠯ ᠤᠨ ᠭᠠᠳᠠᠨ᠎ᠠ ᠠᠵᠢᠯᠯᠠᠵᠤ᠂ ᠡᠩ ᠤᠨ ᠣᠶᠢᠶ᠎ᠠ ᠳᠤ | ᠭᠠᠷ ᠤᠲᠠᠰᠤᠨ ᠤ ᠦᠨᠳᠦᠰᠦᠨ ᠴᠢᠳᠠᠪᠬᠢ ᠶᠢ ᠴᠦ ᠲᠣᠩ ᠴᠥᠭᠡᠨ ᠬᠡᠷᠡᠭᠯᠡᠵᠦ᠂ ᠨᠡᠩ ᠪᠤᠳᠤᠯᠢᠶᠠᠨᠲᠠᠢ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷᠡᠴᠢᠯᠡᠭᠡ ᠶᠢ ᠠᠵᠢᠯᠯᠠᠭᠤᠯᠬᠤ ᠭᠡᠵᠦ ᠪᠢᠲᠡᠭᠡᠢ ᠬᠡᠯᠡ᠃ ᠴᠠᠩ | ᠣᠪᠣᠭᠲᠤ ᠨᠠᠰᠤᠲᠠᠨ ᠲᠣᠰᠬᠤᠨ ᠤ ᠠᠷᠠᠳ ᠤᠨ ᠵᠥᠪᠯᠡᠯ ᠳᠤ ᠬᠠᠪᠰᠤᠷᠤᠨ ᠭᠦᠢᠴᠡᠳᠬᠡᠬᠦ ᠴᠣᠩᠬᠤ ᠪᠠᠶᠢᠭᠤᠯᠵᠤ᠂ | ᠲᠣᠰᠬᠤᠨ ᠤ ᠠᠷᠠᠳ ᠤᠨ ᠡᠯ᠎ᠡ ᠵᠦᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠴᠦ ᠪᠠᠶᠢᠨ᠎ᠠ ᠭᠡᠵᠦ | ᠰᠣᠨᠣᠰᠣᠭᠠᠳ᠂ ᠴᠠᠩ ᠣᠪᠣᠭᠲᠤ ᠨᠠᠰᠤᠲᠠᠨ ᠲᠣᠰᠬᠤᠨ ᠤ ᠠᠷᠠᠳ ᠤᠨ ᠵᠥᠪᠯᠡᠯ ᠤᠨ ᠬᠠᠪᠰᠤᠷᠤᠨ ᠭᠦᠢᠴᠡᠳᠭᠡᠭᠴᠢ | ᠣᠷᠣᠯᠠᠨ ᠭᠦᠢᠴᠡᠳᠬᠡᠬᠦ ᠴᠣᠩᠬᠤᠪᠴᠢ ᠳᠤ ᠬᠦᠷᠴᠦ᠂ ᠠᠵᠢᠯᠲᠠᠨ ᠠᠴᠠ ᠲᠤᠰᠠᠯᠠᠮᠵᠢ ᠭᠤᠶᠤᠵᠤ᠂ ᠲᠡᠳᠡᠨ ᠢ | ᠬᠠᠪᠰᠤᠷᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷᠡᠴᠢᠯᠡᠯ ᠬᠢᠵᠦ ᠥᠭᠬᠦ ᠶᠢ ᠬᠦᠰᠡᠪᠡ᠃ ᠴᠠᠩ ᠣᠪᠣᠭᠲᠤ | ᠨᠠᠰᠤᠲᠠᠨ ᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯᠲᠠᠨ ᠴᠠᠩ ᠣᠪᠣᠭᠲᠤ ᠨᠠᠰᠤᠲᠠᠨ ᠢ | ᠬᠠᠯᠠᠭᠤᠨ ᠢᠶᠠᠷ ᠵᠣᠴᠢᠯᠠᠵᠤ᠂ ᠴᠠᠩ ᠣᠪᠣᠭᠲᠤ ᠨᠠᠰᠤᠲᠠᠨ ᠢ ᠬᠠᠪᠰᠤᠷᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠭᠡᠷᠡᠴᠢᠯᠡᠯ ᠢ ᠠᠮᠵᠢᠯᠲᠠ ᠲᠠᠢ ᠪᠠᠷ ᠪᠡᠶᠡᠯᠡᠭᠦᠯᠦᠭᠰᠡᠨ ᠪᠥᠭᠡᠳ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷᠡᠴᠢᠯᠡᠭᠡ ᠶᠢᠨ | ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ᠂ ᠭᠦᠢᠴᠡᠳᠬᠡᠬᠦ ᠶᠠᠪᠤᠴᠠ ᠪᠣᠯᠣᠨ ᠬᠡᠷᠡᠭᠰᠡᠬᠦ ᠮᠠᠲ᠋ᠧᠷᠢᠶᠠᠯ ᠢ | ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢᠨ | ᠲᠤᠬᠠᠢ ᠲᠣᠳᠣᠷᠬᠠᠢ ᠣᠶᠢᠯᠠᠭᠠᠯᠲᠠ ᠲᠠᠢ ᠪᠠᠶᠢᠬᠤ ᠶᠢ ᠪᠠᠲᠤᠯᠠᠵᠤ᠂ ᠪᠠᠰᠠ ᠵᠠᠷᠢᠮ ᠭᠠᠷ ᠤᠲᠠᠰᠤᠨ ᠤ ᠦᠨᠳᠦᠰᠦᠨ | ᠠᠵᠢᠯᠯᠠᠭ᠎ᠠ ᠶᠢ ᠨᠠᠷᠢᠨ ᠨᠢᠮᠪᠠᠢ ᠵᠢᠭᠠᠨ ᠥᠭᠴᠦ᠂ ᠲᠡᠭᠦᠨ ᠤ ᠬᠤᠶᠢᠰᠢᠳᠠ ᠶᠢᠨ ᠦᠷ᠎ᠡ ᠬᠡᠦᠬᠡᠳ ᠲᠠᠢ ᠪᠠᠨ | ᠬᠠᠷᠢᠯᠴᠠᠬᠤ ᠳᠤ ᠲᠦᠬᠦᠮ ᠦᠵᠡᠭᠦᠯᠪᠡ᠃ | ᠶᠤᠸᠠᠨ ᠱᠠᠨ ᠽᠢ ᠲᠣᠰᠬᠤᠨ ᠤ ᠬᠠᠪᠰᠤᠷᠤᠨ ᠡᠷᠭᠢᠯᠡᠵᠦ ᠣᠷᠣᠯᠠᠨ ᠭᠦᠢᠴᠡᠳᠬᠡᠬᠦ ᠦᠢᠯᠡᠴᠢᠯᠡᠭᠡ ᠨᠢ | ᠤᠯᠠᠮᠵᠢᠯᠠᠯᠲᠤ ᠠᠵᠢᠯ ᠶᠠᠪᠤᠳᠠᠯ ᠭᠦᠢᠴᠡᠳᠬᠡᠬᠦ ᠵᠠᠭᠪᠤᠷ ᠤᠨ ᠳᠣᠲᠣᠷᠠᠬᠢ ᠣᠯᠠᠨ ᠲᠦᠮᠡᠨ ᠪᠣᠯᠣᠨ ᠠᠵᠢᠯᠲᠠᠨ ᠤ | ᠬᠤᠭᠤᠷᠣᠨᠳᠣᠬᠢ ᠠᠵᠢᠯᠯᠠᠭᠠᠨ ᠤ ᠵᠠᠢ ᠶᠢ ᠬᠤᠬᠢᠷᠠᠭᠤᠯᠵᠤ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ | ᠰᠢᠯᠢᠳᠡᠭᠵᠢᠭᠦᠯᠦᠨ᠂ ᠦᠢᠯᠡᠴᠢᠯᠡᠭᠡ ᠶᠢ ᠨᠠᠩ ᠥᠨᠳᠥᠷ ᠪᠦᠲᠦᠮᠵᠢᠲᠡᠶ᠂ ᠨᠠᠩ ᠳᠥᠭᠦᠮ ᠳᠥᠲᠡ ᠪᠣᠯᠭᠠᠵᠤ᠂ | ᠦᠢᠯᠡᠴᠢᠯᠡᠭᠡ ᠶᠢᠨ ︽ᠬᠤᠷᠳᠤᠴᠠ︾ ᠶᠢ ᠢᠯᠡᠷᠡᠭᠦᠯᠪᠡ︔ ᠪᠠᠰᠠ ᠰᠣᠶᠣᠯ ᠢᠷᠭᠡᠨᠰᠢᠯ ᠤᠨ ᠬᠠᠯᠠᠮᠵᠢᠯᠠᠯ ᠤᠨ | ᠡᠭᠦᠳᠡᠨ ᠠᠴᠠ ᠡᠭᠦᠰᠴᠦ᠂ ᠨᠠᠰᠤᠲᠠᠶᠢᠴᠤᠳ ᠵᠡᠷᠭᠡ ᠣᠨᠴᠠᠭᠠᠶ ᠬᠠᠮᠲᠤᠯᠢᠭ ᠤᠨ ᠬᠡᠷᠡᠭᠴᠡᠭᠡ ᠱᠠᠭᠠᠷᠳᠠᠯᠭ᠎ᠠ ᠶᠢ | ᠭᠦᠢᠴᠡᠳ ᠪᠣᠳᠣᠯᠬᠢᠯᠠᠨ᠂ ᠠᠵᠢᠯ ᠶᠠᠪᠤᠳᠠᠯ ᠭᠦᠢᠴᠡᠳᠬᠡᠬᠦ ᠪᠦᠬᠦ᠋ᠢᠯᠡ ᠶᠠᠪᠤᠴᠠ ᠶᠢ ᠬᠠᠶᠢᠷ᠎ᠠ ᠰᠡᠳᠬᠢᠯᠭᠡ ᠲᠠᠢ | ᠪᠣᠯᠭᠠᠵᠤ᠂ ᠠᠷᠠᠳ ᠲᠤ ᠳᠥᠭᠦᠮ ᠦᠵᠡᠭᠦᠯᠵᠦ ᠠᠰᠢᠭ ᠬᠦᠷᠲᠡᠭᠡᠬᠦ ᠤᠷᠢᠬᠠᠨ ᠰᠠᠯᠬᠢ ᠨᠢ ᠬᠥᠳᠡᠭᠡ ᠲᠣᠰᠬᠤᠨ ᠤ | ᠥᠨᠴᠥᠭ ᠪᠤᠯᠤᠩ ᠨᠢᠭᠡᠪᠦᠷᠢ ᠶᠢ ᠢᠯᠪᠢᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠠᠷᠠᠳ | ᠣᠯᠠᠨ ᠤ ᠰᠡᠳᠬᠢᠯ ᠳᠤ ᠦᠨᠡᠨ ᠬᠦ ᠬᠠᠳᠠᠩᠰᠢᠭᠤᠯᠵᠤ᠂ ᠦᠢᠯᠡᠴᠢᠯᠡᠭᠡᠨ ᠤ ︽ᠬᠠᠯᠠᠭᠤᠨ ᠳᠤᠯᠠᠭᠠᠨ︾ ᠢ ᠢᠯᠡᠷᠡᠭᠦᠯᠪᠡ᠃ | |