ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠮᠦᠽᠧᠢ ︽ᠪᠢᠯᠢᠭᠲᠦ ᠮᠣᠭᠠᠢ ᠬᠡᠰᠢᠭ ᠬᠤᠷᠤᠶᠢᠯᠠᠨ᠎ᠠ - | ᠬᠥᠬᠡᠭᠴᠢᠨ ᠮᠣᠭᠠᠢ ᠵᠢᠯ ᠤᠨ ᠠᠷᠪᠠᠨ ᠬᠤᠶᠠᠷ ᠵᠢᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠲᠤᠷᠠᠭᠰᠠᠨ | ᠦᠵᠡᠭᠦᠯᠭᠡ︾ ᠶᠢ ᠳᠡᠯᠭᠡᠨ ᠦᠵᠡᠭᠦᠯᠵᠦ᠂ ᠪᠦᠭᠦ ᠤᠯᠤᠰ ᠤᠨ 50 ᠭᠠᠷᠤᠢ ᠮᠦᠽᠧᠢ ᠣᠷᠳᠣᠨ ᠤ ᠬᠤᠷᠢᠶᠠᠨ | ᠬᠠᠳᠠᠭᠠᠯᠠᠵᠤ ᠪᠠᠶᠢᠭ᠎ᠠ ᠮᠣᠭᠠᠢ ᠪᠠᠷ ᠰᠡᠳᠦᠪᠯᠡᠭᠰᠡᠨ ᠲᠡᠦᠬᠡ ᠶᠢᠨ ᠳᠤᠷᠠᠰᠬᠠᠯᠲᠤ ᠵᠦᠢᠯᠡᠰ᠂ ᠤᠷᠠᠯᠢᠭ ᠤᠨ ᠪᠦᠲᠦᠭᠡᠯ ᠢ | ᠳᠡᠯᠭᠡᠨ ᠦᠵᠡᠭᠦᠯᠵᠦ᠂ ᠦᠵᠡᠭᠴᠢᠳ ᠲᠠᠢ ᠬᠠᠮᠲᠤ ᠪᠠᠷ ᠴᠠᠭᠠᠨ ᠰᠠᠷ᠎ᠠ ᠶᠢ ᠤᠭᠲᠤᠵᠤ ᠪᠠᠶᠢᠨ᠎ᠠ᠃ | ᠦᠵᠡᠭᠦᠯᠭᠡ ᠨᠢ ︽ᠠᠷᠪᠠᠨ ᠬᠤᠶᠠᠷ ᠵᠢᠯ ᠤᠨ ᠰᠣᠶᠣᠯ ᠤᠨ ᠡᠬᠢ ᠪᠠ ᠤᠷᠤᠰᠬᠠᠯ︾᠂︽ᠮᠣᠭᠠᠢ ᠶᠢᠨ ᠰᠡᠭᠦᠳᠡᠷ | ᠵᠢᠷᠤᠭ︾ ᠂ ︽ᠮᠣᠭᠠᠢ ᠶᠢᠨ ᠦᠯᠢᠭᠡᠷ ᠲᠤᠮᠤᠭ︾᠂ ︽ᠮᠣᠭᠠᠢ ᠵᠢᠯ ᠤᠨ ᠥᠯᠵᠡᠢ ᠪᠡᠯᠭᠡ︾ ᠭᠡᠬᠦ ᠳᠥᠷᠪᠡᠨ ᠬᠡᠰᠡᠭ ᠢᠶᠠᠷ | ᠪᠦᠷᠢᠯᠳᠦᠵᠦ᠂ ᠡᠷᠲᠡ ᠦᠶ᠎ᠡ ᠶᠢᠨ ᠠᠷᠪᠠᠨ ᠬᠤᠶᠠᠷ ᠵᠢᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠭᠦᠰᠦᠯ ᠪᠠ | ᠤᠯᠠᠷᠢᠯ ᠬᠤᠪᠢᠷᠠᠯ ᠢ ᠦᠵᠡᠭᠦᠯᠦᠭᠰᠡᠨ ᠤᠮᠠᠷᠠᠲᠤ ᠸᠧᠢ ᠤᠯᠤᠰ ᠤᠨ ᠠᠷᠪᠠᠨ ᠬᠤᠶᠠᠷ ᠵᠢᠯ ᠤᠨ ᠵᠡᠰ ᠲᠣᠯᠢ᠂ ᠮᠣᠭᠠᠢ | ᠶᠢᠨ ᠴᠢᠯᠠᠭᠤᠵᠢᠮᠠᠯ ᠢ ᠳᠡᠯᠭᠡᠨ ᠦᠵᠡᠭᠦᠯᠵᠦ᠂ ᠮᠣᠭᠠᠢ ᠬᠢᠭᠡᠳ ᠯᠤᠤ ᠶᠢᠨ ᠬᠤᠯᠪᠤᠭ᠎ᠠ ᠪᠦᠬᠦᠢ ᠬᠦᠷᠡᠯ ᠰᠢᠳᠢᠲᠦ | ᠮᠣᠳᠣ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠤᠨ ᠵᠢᠷᠤᠭ ᠢ ᠦᠵᠡᠭᠦᠯᠦᠭᠰᠡᠨ ᠢᠶᠠᠷ ᠪᠠᠷᠠᠬᠤ ᠦᠭᠡᠢ ᠪᠠᠰᠠ | ᠮᠣᠭᠠᠢ ᠲᠠᠢ ᠬᠤᠯᠪᠣᠭᠳᠠᠯ ᠪᠦᠬᠦᠢ ᠳᠣᠮᠤᠭ ᠶᠠᠷᠢᠶ᠎ᠠ᠂ ᠠᠷᠠᠳ ᠤᠨ ᠵᠠᠩ ᠦᠶᠯᠡ ᠶᠢᠨ ᠪᠦᠲᠦᠭᠡᠯ ᠵᠢᠴᠢ ᠪᠤᠰᠤᠳ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠳᠣᠲᠣᠷᠠᠬᠢ ᠮᠣᠭᠠᠢ ᠶᠢᠨ ᠡᠯᠧᠮᠧᠨ᠋ᠲ ᠢ ᠳᠡᠯᠭᠡᠨ ᠦᠵᠡᠭᠦᠯᠵᠡᠢ᠃ | ᠲᠤᠰ ᠦᠵᠡᠭᠦᠯᠭᠡ ᠨᠢ ᠡᠯ᠎ᠡ ᠮᠦᠽᠧᠢ ᠶᠢᠨ ᠳᠣᠲᠣᠷᠠᠬᠢ ᠮᠣᠭᠠᠢ ᠶᠢᠨ ᠵᠠᠷᠢᠮ ᠲᠡᠦᠬᠡ ᠶᠢᠨ ᠳᠤᠷᠠᠰᠬᠠᠯᠲᠤ ᠵᠦᠢᠯᠡᠰ | ᠤᠨ ᠲᠤᠬᠠᠢ ᠲᠠᠶᠢᠯᠤᠮᠵᠢ᠂ ᠮᠣᠭᠠᠢ ᠶᠢᠨ ᠭᠤᠣᠯ ᠰᠡᠳᠦᠪᠲᠦ ᠠᠯᠢ ᠣᠯᠠᠨ ᠨᠡᠶᠢᠭᠡᠮ ᠤᠨ ᠰᠤᠷᠭᠠᠨ ᠬᠥᠮᠦᠵᠢᠯ ᠤᠨ | ᠠᠵᠢᠯᠯᠠᠭ᠎ᠠ ᠪᠠᠷ ᠭᠤᠣᠯᠳᠠᠯᠭ᠎ᠠ ᠪᠤᠯᠭᠠᠵᠤ᠂ ᠦᠵᠡᠭᠴᠢ ᠣᠯᠠᠨ ᠮᠦᠽᠧᠢ ᠳᠤ ᠢᠷᠡᠵᠦ ᠲᠣᠭᠤᠷᠢᠨ ᠦᠵᠡᠵᠦ ᠳᠤᠷᠠᠰᠬᠠᠯ | ᠦᠯᠡᠳᠡᠭᠡᠨ᠂ ᠴᠠᠭᠠᠨ ᠰᠠᠷ᠎ᠠ ᠪᠠᠨ ᠪᠡᠯᠭᠡᠯᠡᠬᠦ ᠶᠢ ᠤᠭᠲᠤᠵᠤ ᠪᠠᠶᠢᠨ᠎ᠠ᠃ ᠲᠣᠰ ᠤᠳᠠᠭ᠎ᠠ ᠶᠢᠨ ᠦᠵᠡᠭᠦᠯᠭᠡ ᠶᠢ ᠤᠯᠤᠰ | ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠵᠢᠯᠤᠭᠤᠳᠴᠤ᠂ ᠳᠤᠮᠳᠠᠳᠤ ᠤᠯᠤᠰ ᠤᠨ ᠲᠡᠦᠬᠡ | ᠶᠢᠨ ᠳᠤᠷᠠᠰᠬᠠᠯᠲᠤ ᠵᠦᠢᠯᠡᠰ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠮᠦᠽᠧᠢ ᠵᠢᠴᠢ ᠠᠷᠪᠠᠨ ᠬᠤᠶᠠᠷ ᠵᠢᠯ | ᠤᠨ ᠰᠣᠶᠣᠯ ᠤᠨ ᠳᠠᠮᠵᠢᠭᠤᠯᠭ᠎ᠠ ᠶᠢᠨ ᠬᠤᠯᠪᠤᠭ᠎ᠠ ᠶᠢᠨ 50 ᠭᠠᠷᠤᠢ ᠰᠣᠶᠣᠯ ᠤᠨ ᠦᠵᠡᠰᠭᠦᠯᠡᠩ ᠤᠨ | ᠪᠠᠶᠢᠭᠤᠯᠤᠮᠵᠢ ᠠᠴᠠ ᠬᠠᠮᠲᠤᠷᠠᠨ ᠭᠠᠷᠭᠠᠵᠤ᠂ ᠦᠵᠡᠰᠭᠦᠯᠡᠩ ᠨᠢ 4 ᠰᠠᠷ᠎ᠠ ᠶᠢᠨ 30 ᠤ ᠡᠳᠦᠷ ᠪᠤᠯᠲᠠᠯ᠎ᠠ | ᠦᠷᠭᠦᠯᠵᠢᠯᠡᠨ᠎ᠡ᠃ |