ᠰᠤᠷᠭᠠᠨ ᠬᠥᠮᠦᠵᠢᠯ ᠤᠨ ᠶᠠᠮᠤᠨ᠄ ᠪᠡᠶ᠎ᠡ ᠶᠢᠨ ᠲᠠᠮᠢᠷ ᠤᠨ ᠪᠠᠭᠰᠢ ᠪᠤᠰᠤᠳ ᠬᠢᠴᠢᠶᠡᠯ ᠲᠦᠷᠦᠯ ᠤᠨ ᠪᠠᠭᠰᠢ  ᠲᠠᠢ ᠠᠳᠠᠯᠢᠬᠠᠨ ᠴᠠᠯᠢᠩ ᠬᠥᠯᠥᠰᠦ ᠭᠦᠷᠳᠡᠪᠠᠯ ᠵᠣᠬᠢᠨ᠎ᠠ
ᠨᠡᠶᠢᠲᠡᠯᠡᠭᠰᠡᠨ ᠴᠠᠭ᠄
2025/2/7
    ᠰᠤᠷᠪᠤᠯᠵᠢᠯᠠᠬᠴᠢ ᠰᠤᠷᠭᠠᠨ ᠬᠥᠮᠦᠵᠢᠯ ᠤᠨ ᠶᠠᠮᠤᠨ ᠤ ᠠᠯᠪᠠᠨ ᠰᠦᠯᠵᠢᠶᠡᠨ ᠦᠷᠳᠡᠭᠡ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠲᠦᠷᠦᠭᠦᠬᠡᠨ ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ ᠡᠨᠡ ᠬᠦ ᠪᠢᠴᠢᠭ ᠮᠠᠲ᠋ᠧᠷᠢᠶᠠᠯ ᠳᠤ᠂︽ᠪᠡᠶ᠎ᠡ ᠶᠢᠨ ᠲᠠᠮᠢᠷ ᠤᠨ ᠪᠠᠭᠰᠢ ᠶᠢᠨ ᠰᠤᠷᠤᠯᠭ᠎ᠠ ᠶᠢᠨ ᠨᠠᠮᠲᠠᠷ ᠨᠢ ᠡᠷᠬᠡᠪᠰᠢ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠪᠠᠶᠢᠬᠤ ᠬᠡᠷᠡᠭᠲᠡᠢ︾᠂ ︽ᠪᠡᠶ᠎ᠡ ᠶᠢᠨ ᠲᠠᠮᠢᠷ ᠤᠨ ᠪᠠᠭᠰᠢ ᠳᠤ ᠪᠤᠰᠤᠳ ᠬᠢᠴᠢᠶᠡᠯ ᠲᠥᠷᠥᠯ ᠤᠨ ᠪᠠᠭᠰᠢ ᠲᠠᠢ ᠠᠳᠠᠯᠢᠬᠠᠨ ᠴᠠᠯᠢᠩ ᠬᠥᠯᠥᠰᠦ ᠣᠯᠭᠤᠬᠤ ᠬᠡᠷᠡᠭᠲᠡᠢ︾᠂ ︽︿ᠭᠤᠷᠪᠠᠨ ᠶᠡᠭᠡ ᠲᠦᠷᠦᠯ ᠤᠨ ᠪᠥᠮᠪᠦᠭᠡ﹀ ᠶᠢᠨ ᠪᠠᠭᠰᠢ ᠶᠢᠨ ᠡᠩᠨᠡᠭᠡ ᠶᠢ ᠴᠢᠬᠤᠯᠠᠴᠢᠯᠠᠬᠤ ᠶᠢ ᠳᠣᠪᠤᠶᠢᠯᠭᠠᠬᠤ ᠬᠡᠷᠡᠭᠲᠡᠢ︾ ᠭᠡᠬᠦ ᠵᠡᠷᠭᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃     ᠰᠤᠷᠭᠠᠨ ᠬᠥᠮᠦᠵᠢᠯ ᠤᠨ ᠶᠠᠮᠤᠨ ᠲᠣᠰ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠨᠢ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢ ᠴᠢᠷᠮᠠᠶᠢᠨ ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ ᠶᠤᠮ᠃     ᠰᠤᠷᠭᠠᠨ ᠬᠥᠮᠦᠵᠢᠯ ᠤᠨ ᠶᠠᠮᠤᠨ ᠤ ᠪᠠᠭᠰᠢ ᠶᠢᠨ ᠠᠵᠢᠯ ᠤᠨ ᠵᠤᠷᠭᠠᠨ ᠤ ᠬᠠᠷᠢᠭᠤᠴᠠᠯᠭᠠᠲᠠᠨ ᠡᠨᠡ ᠬᠦ ᠪᠢᠴᠢᠭ ᠮᠠᠲ᠋ᠧᠷᠢᠶᠠᠯ ᠳᠤ ᠲᠠᠶᠢᠯᠤᠮᠵᠢ ᠬᠢᠬᠦ ᠳᠡᠭᠡᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠲᠠᠢ ᠬᠠᠷᠭᠤᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠳᠤ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠲᠤᠭ᠎ᠠ ᠬᠡᠮᠵᠢᠶ᠎ᠡ ᠬᠦᠷᠦᠯᠴᠡᠬᠦ ᠦᠭᠡᠢ᠂ ᠨᠥᠬᠦᠪᠦᠷᠢᠯᠡᠬᠦ ᠬᠦᠴᠢᠷᠳᠡᠯ᠂ ᠲᠤᠰᠬᠠᠶᠢᠵᠢᠭᠰᠠᠨ ᠬᠡᠮᠵᠢᠶ᠎ᠡ ᠳᠣᠣᠷ᠎ᠠ ᠪᠠᠶᠢᠬᠤ ᠵᠡᠷᠭᠡ ᠠᠰᠠᠭᠤᠳᠠᠯ ᠣᠷᠣᠰᠢᠵᠤ᠂ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠰᠬᠠᠢ ᠠᠷᠭ᠎ᠠ ᠬᠡᠮᠵᠢᠶ᠎ᠡ ᠶᠢ ᠲᠣᠭᠲᠠᠭᠠᠬᠤ ᠴᠢᠬᠤᠯᠠᠲᠠᠢ ᠪᠠᠶᠢᠨ᠎ᠠ ᠭᠡᠵᠦ ᠢᠯᠡᠳᠬᠡᠪᠡ᠃ ᠰᠤᠷᠭᠠᠨ ᠬᠥᠮᠦᠵᠢᠯ ᠤᠨ ᠶᠠᠮᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠥᠷᠭᠡᠨ ᠢᠶᠠᠷ ᠪᠠᠶᠢᠴᠠᠭᠠᠨ ᠰᠤᠳᠤᠯᠵᠤ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ᠡᠨᠡ ᠬᠦ ︽ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃     ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠳᠤ ᠲᠤᠰᠬᠠᠶᠢᠯᠠᠨ ᠴᠢᠭᠯᠡᠭᠦᠯᠦᠭᠰᠡᠨ ᠠᠩᠬᠠᠳᠠᠭᠴᠢ ᠪᠢᠴᠢᠭ ᠮᠠᠲ᠋ᠧᠷᠢᠶᠠᠯ ᠪᠣᠯᠤᠭᠰᠠᠨ ᠤ ᠬᠤᠪᠢ ᠳᠤ᠂ ︽ᠮᠡᠳᠡᠭᠳᠡᠯ︾ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠣᠨᠴᠠᠯᠢᠭ᠂ ᠣᠳᠣᠬᠢ ᠪᠠᠶᠢᠳᠠᠯ᠂ ᠠᠰᠠᠭᠤᠳᠠᠯ ᠢ ᠳ᠋ᠦᠩᠨᠡᠨ ᠵᠠᠳᠠᠯᠵᠤ᠂ ᠨᠥᠬᠦᠪᠦᠷᠢᠯᠡᠨ ᠲᠣᠬᠢᠷᠠᠭᠤᠯᠬᠤ᠂ ᠲᠤᠰᠬᠠᠢ ᠮᠡᠷᠭᠡᠵᠢᠯ ᠢ ᠳᠡᠭᠡᠭᠰᠢᠯᠡᠭᠦᠯᠭᠦ᠂ ᠴᠠᠯᠢᠩ ᠬᠥᠯᠥᠰᠦ ᠶᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠷᠢᠮ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠳᠤᠷᠠᠳᠪᠠ᠃     ᠨᠢᠭᠡᠳᠦᠭᠡᠷ ᠲᠤ᠂ ᠪᠡᠶ᠎ᠡ ᠶᠢᠨ ᠲᠠᠮᠢᠷ ᠤᠨ ᠪᠠᠭᠰᠢ ᠶᠢ ᠨᠥᠬᠦᠪᠦᠷᠢᠯᠡᠨ ᠲᠣᠬᠢᠷᠠᠭᠤᠯᠬᠤ ᠶᠢ ᠳᠣᠪᠤᠶᠢᠯᠭᠠᠨ᠎ᠠ᠃ ᠨᠢᠭᠡ ᠳᠤ᠂ ᠰᠤᠷᠭᠠᠭᠤᠯᠢ ᠨᠢ ᠠᠩᠭᠢ ᠶᠢᠨ ᠲᠤᠭ᠎ᠠ ᠪᠠ ᠪᠠᠭᠰᠢ ᠶᠢᠨ ᠬᠠᠷᠢᠴᠠᠯ ᠢ ᠦᠨᠳᠦᠰᠦᠯᠡᠵᠦ ᠪᠡᠶ᠎ᠡ ᠶᠢᠨ ᠲᠠᠮᠢᠷ ᠤᠨ ᠲᠤᠰᠬᠠᠢ ᠪᠠᠭᠰᠢ ᠲᠣᠬᠢᠷᠠᠭᠤᠯᠬᠤ ᠪᠥᠭᠡᠳ ᠪᠡᠶ᠎ᠡ ᠶᠢᠨ ᠲᠠᠮᠢᠷ ᠤᠨ ᠪᠠᠭᠰᠢ ᠡᠯᠰᠡᠬᠦ ᠨᠥᠬᠦᠴᠡᠯ ᠳᠤ ᠴᠢᠭᠯᠡᠭᠦᠯᠦᠨ ᠲᠣᠳᠣᠷᠬᠠᠢ ᠱᠠᠭᠠᠷᠳᠠᠯᠭ᠎ᠠ ᠲᠣᠭᠲᠠᠭᠠᠪᠠ᠃ ᠬᠤᠶᠠᠷ ᠲᠤ᠂ ᠰᠤᠷᠭᠠᠭᠤᠯᠢ ᠶᠢᠨ ᠰᠤᠷᠭᠠᠭᠴᠢ᠂ ᠲᠠᠮᠢᠷ ᠤᠨ ᠪᠠᠭᠰᠢ ᠶᠢ ᠨᠥᠬᠦᠴᠡᠯ ᠳᠤ ᠨᠡᠶᠢᠴᠡᠭᠰᠡᠨ ᠤᠷᠢᠲᠠᠯ ᠳᠣᠣᠷ᠎ᠠ ᠲᠣᠭᠲᠠᠭᠠᠯ ᠶᠣᠰᠣᠭᠠᠷ ᠬᠠᠷᠢᠯᠴᠠᠨ ᠰᠢᠯᠵᠢᠭᠦᠯᠦᠨ ᠲᠣᠮᠢᠯᠠᠵᠤ ᠪᠣᠯᠣᠨ᠎ᠠ᠃ ᠭᠤᠷᠪᠠ ᠳᠤ᠂ ᠰᠢᠯᠢᠳᠡᠭ ᠠᠵᠢᠯ ᠮᠡᠷᠭᠡᠵᠢᠯ ᠠᠴᠠ ᠪᠠᠨ ᠬᠠᠯᠠᠭᠳᠠᠭᠰᠠᠨ ᠲᠠᠮᠢᠷᠴᠢᠨ᠂ ᠰᠢᠯᠢᠳᠡᠭ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠳᠤᠮᠳᠠᠳᠤ ᠪᠠᠭ᠎ᠠ ᠰᠤᠷᠭᠠᠭᠤᠯᠢ ᠳᠤ ᠣᠴᠢᠵᠤ ᠪᠠᠭᠰᠢᠯᠠᠬᠤ ᠵᠠᠮ ᠢ ᠨᠡᠪᠲᠡᠷᠡᠭᠦᠯᠦᠨ᠎ᠡ᠃ ᠳᠥᠷᠪᠡ ᠳᠤ᠂ ᠨᠥᠬᠦᠴᠡᠯ ᠲᠠᠢ ᠭᠠᠵᠠᠷ ᠣᠷᠣᠨ ᠤ ᠵᠠᠰᠠᠭ ᠤᠨ ᠣᠷᠳᠣᠨ ᠦᠢᠯᠡᠴᠢᠯᠡᠭᠡ ᠶᠢ  ᠬᠤᠳᠠᠯᠳᠤᠨ ᠠᠪᠬᠤ ᠵᠡᠷᠭᠡ ᠠᠷᠭ᠎ᠠ ᠭᠡᠯᠪᠡᠷᠢ ᠪᠠᠷ ᠳᠠᠮᠵᠢᠨ᠂ ᠰᠤᠷᠤᠬᠴᠢᠳ ᠤᠨ ᠣᠯᠠᠨ ᠶᠠᠩᠵᠤᠵᠢᠬᠰᠠᠨ ᠪᠡᠶ᠎ᠡ ᠶᠢᠨ ᠲᠠᠮᠢᠷ ᠤᠨ ᠬᠥᠮᠦᠵᠢᠯ ᠤᠨ ᠠᠵᠢᠯᠯᠠᠭ᠎ᠠ ᠶᠢᠨ ᠬᠡᠷᠡᠭᠴᠡᠭᠡ ᠶᠢ ᠬᠠᠩᠭᠠᠬᠤ ᠶᠢ ᠵᠣᠷᠢᠭᠵᠢᠭᠤᠯᠤᠨ᠎ᠠ᠃     ᠬᠤᠶᠠᠳᠤᠭᠠᠷ ᠲᠤ᠂ ᠪᠡᠶ᠎ᠡ ᠶᠢᠨ ᠲᠠᠮᠢᠷ ᠤᠨ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠴᠢᠨᠠᠷ ᠤᠨ ᠳᠡᠭᠡᠭᠰᠢᠯᠡᠯᠲᠡ ᠶᠢ ᠳᠣᠪᠤᠶᠢᠯᠭᠠᠨ᠎ᠠ᠃ ᠨᠢᠭᠡ ᠳᠤ᠂ ᠢᠷᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠪᠠᠭᠰᠢ ᠶᠢᠨ ᠰᠤᠷᠤᠯᠭ᠎ᠠ ᠶᠢᠨ ᠨᠠᠮᠲᠠᠷ ᠨᠢ ᠡᠷᠬᠡᠪᠰᠢ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠪᠠᠶᠢᠬᠤ ᠬᠡᠷᠡᠭᠲᠡᠢ᠂ ᠪᠡᠶ᠎ᠡ ᠶᠢᠨ ᠲᠠᠮᠢᠷ ᠤᠨ ᠪᠤᠰᠤ ᠲᠤᠰᠬᠠᠢ ᠮᠡᠷᠭᠡᠵᠢᠯ ᠨᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠲᠠᠮᠢᠷᠴᠢᠨ ᠤ ᠳᠡᠰ ᠤᠨ ᠦᠨᠡᠮᠯᠡᠯ ᠲᠠᠢ ᠪᠠᠶᠢᠬᠤ ᠬᠡᠷᠡᠭᠲᠡᠢ ᠭᠡᠵᠦ ᠲᠣᠭᠲᠠᠭᠠᠵᠠᠢ᠃ ᠬᠤᠶᠠᠷ ᠲᠤ᠂ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭᠠᠬᠢ ᠪᠣᠯᠪᠠᠰᠤᠷᠠᠯ ᠢ ᠴᠢᠩᠭᠠᠳᠬᠠᠵᠤ᠂ ᠠᠵᠢᠯ ᠤᠨ ᠪᠠᠶᠢᠷᠢ ᠳᠤ ᠪᠠᠶᠢᠭ᠎ᠠ ᠪᠦᠭᠦ ᠪᠡᠶ᠎ᠡ ᠶᠢᠨ ᠲᠠᠮᠢᠷ ᠤᠨ ᠪᠠᠭᠰᠢ ᠳᠤ ᠴᠢᠳᠠᠪᠤᠷᠢ ᠪᠠᠷ ᠨᠢ ᠳᠠᠪᠬᠤᠷᠭ᠎ᠠ ᠬᠤᠪᠢᠶᠠᠬᠤ᠂ ᠰᠤᠷᠤᠯᠭ᠎ᠠ ᠶᠢᠨ ᠱᠠᠲᠤ ᠪᠠᠷ ᠨᠢ ᠱᠠᠲᠤ ᠬᠤᠪᠢᠶᠠᠬᠤ ᠨᠠᠷᠢᠨ ᠣᠨᠣᠪᠴᠢᠲᠠᠶ ᠪᠣᠯᠪᠠᠰᠤᠷᠠᠯ ᠬᠦᠷᠲᠡᠭᠡᠬᠦ ᠶᠢ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠬᠢᠴᠢᠶᠡᠯ ᠲᠥᠷᠥᠯ ᠤᠨ ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠦᠨ᠎ᠡ᠃     ᠭᠤᠷᠪᠠᠳᠤᠭᠠᠷ ᠲᠤ᠂ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠴᠠᠯᠢᠩ ᠬᠥᠯᠥᠰᠦ ᠶᠢᠨ ᠪᠠᠲᠤᠯᠠᠭ᠎ᠠ ᠶᠢ ᠳᠣᠪᠤᠶᠢᠯᠭᠠᠨ᠎ᠠ᠃ ᠨᠢᠭᠡ ᠳᠤ᠂ ᠪᠡᠶ᠎ᠡ ᠶᠢᠨ ᠲᠠᠮᠢᠷ ᠤᠨ ᠪᠠᠭᠰᠢ ᠶᠢ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠤᠨ ᠪᠠᠭᠰᠢ ᠳᠤ ᠪᠤᠰᠤᠳ ᠬᠢᠴᠢᠶᠡᠯ ᠲᠥᠷᠥᠯ ᠤᠨ ᠪᠠᠭᠰᠢ ᠲᠠᠢ ᠠᠳᠠᠯᠢ ᠴᠠᠯᠢᠩ ᠬᠥᠯᠥᠰᠦ ᠬᠦᠷᠲᠡᠭᠡᠨ᠎ᠡ᠃ ᠬᠤᠶᠠᠷ ᠲᠤ᠂ ᠪᠡᠶ᠎ᠡ ᠶᠢᠨ ᠲᠠᠮᠢᠷ ᠤᠨ ᠪᠠᠭᠰᠢ ᠶᠢᠨ ᠬᠢᠴᠢᠶᠡᠯ ᠤᠨ ᠳᠠᠷᠠᠭᠠᠬᠢ ᠪᠣᠯᠪᠠᠰᠤᠷᠠᠯ᠂ ᠬᠢᠴᠢᠶᠡᠯ ᠤᠨ ᠭᠠᠳᠠᠨᠠᠬᠢ ᠬᠥᠳᠡᠯᠭᠡᠭᠡᠨ᠂ ᠤᠷᠤᠯᠳᠤᠭᠠᠨ ᠳᠤ ᠣᠷᠤᠯᠴᠠᠬᠤ ᠶᠢ ᠵᠢᠯᠤᠭᠤᠳᠬᠤ ᠵᠡᠷᠭᠡ ᠶᠢ ᠵᠢᠭᠠᠨ ᠰᠤᠷᠭᠠᠬᠤ ᠠᠵᠢᠯ ᠤᠨ ᠬᠡᠮᠵᠢᠶᠡᠨ ᠳᠤ ᠪᠤᠳᠤᠵᠤ ᠣᠷᠣᠭᠤᠯᠬᠤ ᠶᠢᠨ ᠵᠡᠷᠭᠡ ᠪᠠᠷ ᠰᠤᠷᠤᠬᠴᠢᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠪᠠᠶᠢᠳᠠᠯ ᠪᠠ ᠤᠷᠤᠯᠳᠤᠭᠠᠨ ᠤ ᠬᠢᠷᠢ ᠪᠦᠲᠦᠮᠵᠢ ᠶᠢ ᠦᠨᠳᠦᠰᠦᠯᠡᠨ᠂ ᠠᠮᠵᠢᠯᠲᠠ ᠪᠦᠲᠦᠮᠵᠢ ᠶᠢᠨ ᠴᠠᠯᠢᠩ ᠤᠨ ᠬᠠᠷᠠᠭᠠᠯᠵᠠᠯ ᠦᠵᠡᠭᠦᠯᠦᠨ᠎ᠡ᠃     ᠳᠥᠷᠪᠡᠳᠦᠭᠡᠷ ᠲᠤ᠂ ︽ᠭᠤᠷᠪᠠᠨ ᠶᠡᠭᠡ ᠲᠦᠷᠦᠯ ᠤᠨ ᠪᠥᠮᠪᠦᠭᠡ︾ ᠶᠢᠨ ᠪᠠᠭᠰᠢ ᠶᠢᠨ ᠡᠩᠨᠡᠭᠡ ᠶᠢ ᠴᠢᠬᠤᠯᠠᠴᠢᠯᠠᠬᠤ ᠶᠢ ᠳᠣᠪᠤᠶᠢᠯᠭᠠᠨ᠎ᠠ᠃ ᠨᠢᠭᠡ ᠳᠤ᠂ ᠲᠣᠬᠢᠷᠠᠭᠤᠯᠬᠤ ᠱᠠᠭᠠᠷᠳᠠᠯᠭ᠎ᠠ ᠶᠢ ᠲᠣᠳᠣᠷᠬᠠᠢ ᠳᠤᠷᠠᠳᠴᠤ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ ᠶᠢᠨ ᠲᠤᠰᠬᠠᠢ ︵ᠬᠠᠪᠰᠤᠷᠭᠠᠭᠰᠠᠨ︶ ᠲᠤᠰᠢᠶᠠᠯᠲᠤ ᠪᠠᠭᠰᠢ ᠶᠢ ᠭᠦᠢᠴᠡᠳ ᠨᠥᠬᠦᠪᠦᠷᠢᠯᠡᠬᠦ ᠶᠢ ᠴᠢᠬᠤᠯᠠᠴᠢᠯᠠᠨ᠎ᠠ᠃ ᠬᠤᠶᠠᠷ ᠲᠤ᠂ ᠤᠷᠢᠬᠤ ᠪᠠ ᠨᠥᠬᠦᠪᠦᠷᠢᠯᠡᠬᠦ ᠶᠢ ᠴᠢᠬᠤᠯᠠᠴᠢᠯᠠᠵᠤ᠂ ᠵᠣᠬᠢᠬᠤ ᠲᠣᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠠᠵᠢᠯ ᠤᠨ ᠪᠠᠶᠢᠷᠢ ᠶᠢ ᠭᠠᠷᠭᠠᠵᠤ ᠪᠠᠭᠰᠢ ᠶᠢᠨ ᠬᠢᠷᠢ ᠭᠡᠮ ᠢ ᠣᠯᠣᠭᠰᠠᠨ ᠰᠢᠯᠢᠳᠡᠭ ᠪᠡᠶ᠎ᠡ ᠶᠢᠨ ᠲᠠᠮᠢᠷ ᠤᠨ ᠠᠵᠢᠯ ᠠᠴᠠ ᠪᠠᠨ ᠠᠮᠠᠷᠠᠭᠰᠠᠳ᠂ ᠰᠢᠯᠢᠳᠡᠭ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠬᠠᠨᠳᠤᠭᠤᠯᠤᠨ ᠢᠯᠡ ᠪᠠᠷ ᠤᠷᠢᠵᠤ᠂ ᠰᠢᠯᠢᠳᠡᠭ ᠬᠥᠯ ᠪᠥᠮᠪᠦᠭᠡ ᠶᠢᠨ ᠪᠡᠶ᠎ᠡ ᠶᠢᠨ ᠲᠠᠮᠢᠷ ᠤᠨ ᠠᠵᠢᠯ ᠠᠴᠠ ᠪᠠᠨ ᠠᠮᠠᠷᠠᠭᠰᠠᠳ ᠢ ᠳᠤᠮᠳᠠᠳᠤ ᠪᠠᠭ᠎ᠠ ᠰᠤᠷᠭᠠᠭᠤᠯᠢ ᠳᠤ ᠭᠤᠣᠯᠳᠠᠯᠭ᠎ᠠ ᠲᠠᠢ ᠣᠷᠣᠭᠤᠯᠤᠨ ᠠᠪᠴᠢᠷᠠᠵᠤ ᠪᠡᠶ᠎ᠡ ᠶᠢᠨ ᠲᠠᠮᠢᠷ ᠤᠨ ᠪᠠᠭᠰᠢ ᠪᠤᠯᠭᠠᠵᠤ ᠪᠣᠯᠣᠨ᠎ᠠ᠃     ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号