2 ᠰᠠᠷ᠎ᠠ ᠶᠢᠨ 7 ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠳᠤ | ᠨᠠᠶᠢᠳᠠᠵᠤ ᠠᠵᠢᠯᠯᠠᠭᠤᠯᠤᠨ ᠬᠤᠲᠣᠩ ᠠᠷᠠᠳ ᠤᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠳᠤ ᠭᠠᠷ ᠤᠨ ᠦᠰᠦᠭ | ᠵᠢᠷᠤᠬᠤ ᠶᠣᠰᠣᠯᠠᠯ ᠶᠠᠪᠤᠭᠤᠯᠪᠠ᠃ | ᠶᠣᠰᠣᠯᠠᠯ ᠳᠡᠭᠡᠷ᠎ᠡ᠂ ᠬᠤᠶᠠᠷ ᠲᠠᠯ᠎ᠠ ᠶᠢᠨ ᠲᠥᠯᠥᠭᠡᠯᠡᠭᠴᠢ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ | ᠦᠰᠦᠭ ᠵᠢᠷᠤᠪᠠ᠃ ᠵᠥᠪᠯᠡᠯᠴᠡᠭᠡᠷ ᠢ ᠦᠨᠳᠦᠰᠦᠯᠡᠪᠡᠯ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠨᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠬᠤᠲᠣᠩ ᠠᠷᠠᠳ ᠤᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠡᠵᠡᠩᠨᠡᠯᠲᠡ ᠬᠠᠮᠢᠶᠠᠷᠤᠯᠲᠠ ᠶᠢ | ᠪᠥᠬᠦ ᠲᠠᠯ᠎ᠠ ᠪᠠᠷ ᠬᠠᠷᠢᠭᠤᠴᠠᠨ᠂ ᠡᠭᠦᠨ ᠳᠤ ᠬᠠᠮᠢᠶᠠᠷᠤᠯᠲᠠ ᠶᠢᠨ ᠪᠦᠯᠬᠦᠮ ᠨᠡᠶᠢᠲᠡ ᠪᠠ ᠲᠤᠰᠬᠠᠢ ᠮᠡᠷᠭᠡᠵᠢᠯᠲᠡᠨ ᠤ | ᠭᠤᠣᠯᠯᠠᠭᠴᠢ ᠬᠦᠴᠦᠨ ᠲᠣᠮᠢᠯᠠᠵᠤ᠂ ᠰᠢᠨ᠎ᠡ ᠮᠡᠷᠭᠡᠵᠢᠯ᠂ ᠰᠢᠨ᠎ᠡ ᠲᠥᠷᠥᠯ ᠵᠦᠢᠯ ᠢ ᠥᠷᠨᠢᠭᠦᠯᠦᠨ᠂ ᠭᠤᠣᠯᠳᠠᠯᠭ᠎ᠠ ᠲᠠᠢ | ᠰᠢᠨᠵᠢᠯᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ | ᠨᠥᠬᠦᠪᠦᠷᠢᠯᠡᠬᠦ ᠶᠢ ᠪᠡᠶᠡᠯᠡᠭᠦᠯᠵᠦ᠂ ᠡᠪᠡᠳᠴᠢᠲᠡᠨ ᠳᠤ ᠨᠠᠩ ᠳᠥᠭᠦᠮ ᠳᠥᠲᠡ᠂ ᠴᠢᠨᠠᠷ ᠰᠠᠶᠢᠲᠠᠢ ᠡᠮᠴᠢᠯᠡᠭᠡᠨ ᠤ | ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ᠬᠤᠲᠣᠩ ᠠᠷᠠᠳ ᠤᠨ ᠲᠣᠭᠤᠷᠢᠭ ᠤᠨ ᠡᠮᠨᠡᠯᠭᠡ ᠶᠢᠨ ᠬᠤᠷᠢᠶ᠎ᠠ | 《ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ | ᠵᠦᠩ ᠱᠠᠩ ᠪᠠᠷᠠᠭᠤᠨ ᠵᠠᠮ ᠤᠨ ᠡᠮᠨᠡᠯᠭᠡ ᠶᠢᠨ ᠬᠤᠷᠢᠶ᠎ᠠ》 ᠫᠠᠶᠢᠵᠠ ᠶᠢ ᠨᠡᠮᠡᠵᠦ ᠡᠯᠭᠦᠨ᠎ᠡ᠃ | ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠢᠮᠠᠭᠲᠠ ᠬᠠᠷᠢᠶ᠎ᠠ ᠣᠷᠣᠨ ᠤ ᠡᠮᠴᠢᠯᠡᠭᠡᠨ ᠤ | ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠡᠭᠦᠷᠭᠡ ᠪᠣᠯᠭᠠᠵᠤ᠂ ᠰᠠᠭᠤᠭᠠᠯᠢ ᠠᠷᠠᠳ ᠤᠨ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠬᠤ ᠪᠠᠷ ᠬᠦᠴᠦᠯᠡᠨ ᠴᠢᠷᠮᠠᠶᠢᠪᠠ᠃ ᠲᠣᠰ ᠤᠳᠠᠭ᠎ᠠ | ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠯᠤᠭ᠎ᠠ | ᠭᠦᠨᠵᠡᠭᠡᠢ ᠬᠠᠮᠲᠤᠷᠠᠨ ᠠᠵᠢᠯᠯᠠᠬᠤ ᠪᠣᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠣᠷᠣᠨ ᠪᠦᠰᠡ ᠶᠢᠨ ᠡᠮᠴᠢᠯᠡᠭᠡᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ | ᠬᠤᠲᠣᠩ ᠠᠷᠠᠳ ᠤᠨ ᠲᠣᠭᠤᠷᠢᠭ ᠤᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ | ᠠᠷᠭ᠎ᠠ ᠬᠡᠮᠵᠢᠶ᠎ᠡ ᠪᠣᠯᠣᠨ᠎ᠠ᠃ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ | ᠡᠮᠨᠡᠯᠭᠡ ᠶᠢᠨ ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠭᠤᠷᠪᠠᠨ ᠬᠥᠬᠡ ᠲᠠᠰ ᠤᠨ ᠲᠡᠷᠢᠭᠦᠨ ᠤ ᠡᠮᠨᠡᠯᠭᠡ ᠶᠢᠨ | ᠬᠤᠷᠢᠶ᠎ᠠ ᠪᠣᠯᠤᠭᠰᠠᠨ ᠤ ᠬᠤᠪᠢ ᠳᠤ᠂ ᠲᠡᠷᠢᠭᠦᠨ ᠤ ᠡᠮᠴᠢᠯᠡᠭᠡᠨ ᠤ ᠮᠡᠷᠭᠡᠵᠢᠯ᠂ ᠰᠢᠯᠢᠳᠡᠭ ᠲᠤᠰᠬᠠᠢ ᠮᠡᠷᠭᠡᠵᠢᠯᠲᠡᠨ ᠤ | ᠪᠦᠯᠬᠦᠮ ᠨᠡᠶᠢᠲᠡ ᠪᠣᠯᠣᠨ ᠡᠯᠪᠡᠭ ᠪᠠᠶᠠᠯᠢᠭ ᠬᠠᠮᠢᠶᠠᠷᠤᠯᠲᠠ ᠶᠢᠨ ᠲᠤᠷᠰᠢᠯᠭ᠎ᠠ ᠲᠠᠢ ᠶᠤᠮ᠃ ᠨᠠᠶᠢᠳᠠᠨ | ᠠᠵᠢᠯᠯᠠᠭᠤᠯᠬᠤ ᠪᠠᠷ ᠳᠠᠮᠵᠢᠨ᠂ ᠬᠤᠲᠣᠩ ᠠᠷᠠᠳ ᠤᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠡᠮᠴᠢᠯᠡᠭᠡᠨ ᠤ | ᠮᠡᠷᠭᠡᠵᠢᠯ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠴᠢᠳᠠᠪᠤᠷᠢᠲᠠᠨ ᠢ ᠬᠥᠮᠥᠵᠢᠭᠦᠯᠬᠦ᠂ ᠡᠮᠨᠡᠯᠭᠡ ᠶᠢᠨ | ᠬᠤᠷᠢᠶᠠᠨ ᠤ ᠬᠠᠮᠢᠶᠠᠷᠤᠯᠲᠠ ᠵᠡᠷᠭᠡ ᠲᠠᠯ᠎ᠠ ᠪᠠᠷ ᠪᠦᠬᠦ ᠲᠠᠯ᠎ᠠ ᠪᠠᠷ ᠳᠡᠭᠡᠭᠰᠢᠯᠡᠭᠦᠯᠬᠦ | ᠪᠤᠯᠤᠨ᠎ᠠ᠃ | ᠲᠣᠰ ᠤᠳᠠᠭᠠᠨ ᠤ ᠭᠡᠷ᠎ᠡ ᠲᠣᠭᠲᠠᠬᠤ ᠶᠣᠰᠣᠯᠠᠯ ᠢ ᠠᠮᠵᠢᠯᠲᠠ ᠲᠠᠢ ᠶᠠᠪᠤᠭᠳᠠᠭᠤᠯᠵᠤ᠂ ᠬᠤᠲᠣᠩ ᠠᠷᠠᠳ ᠤᠨ | ᠲᠣᠭᠤᠷᠢᠭ ᠬᠢᠭᠡᠳ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ | ᠬᠤᠷᠢᠶ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ | ᠬᠠᠮᠲᠤᠪᠠᠷ ᠤᠷᠤᠭᠰᠢᠯᠠᠵᠤ᠂ ᠲᠠᠰᠤᠷᠠᠯᠲᠠ ᠦᠭᠡᠢ ᠰᠦᠪᠡᠭᠴᠢᠯᠡᠨ ᠰᠢᠨ᠎ᠡ ᠶᠢ ᠡᠭᠦᠳᠴᠦ᠂ ᠡᠮᠴᠢᠯᠡᠭᠡᠨ ᠤ | ᠦᠢᠯᠡᠴᠢᠯᠡᠭᠡᠨ ᠤ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠰᠠᠭᠤᠭᠠᠯᠢ | ᠠᠷᠠᠳ ᠤᠨ ᠡᠷᠡᠭᠦᠯ ᠮᠡᠨᠳᠦ ᠠᠵᠠ ᠵᠢᠷᠭᠠᠯ ᠢ ᠰᠠᠬᠢᠨ ᠬᠠᠮᠠᠭᠠᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ | ᠦᠵᠡᠭᠦᠯᠬᠦ ᠪᠤᠯᠤᠨ᠎ᠠ᠃ | | |