ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠵᠤ᠂ ᠡᠭᠦᠨ ᠳᠤ ᠠᠭᠤᠯᠤᠭᠳᠠᠵᠤ ᠪᠠᠶᠢᠭ᠎ᠠ ᠭᠦᠨ ᠵᠤᠵᠠᠭᠠᠨ | ᠭᠡᠷ ᠤᠨ ᠰᠤᠷᠲᠠᠯ ᠤᠨ ᠠᠭᠤᠯᠤᠭᠳᠠᠬᠤᠨ ᠢ ᠠᠭᠤᠳᠠᠯᠵᠤ᠂ ᠥᠭᠡᠳᠡᠯᠡᠨ ᠲᠠᠪᠰᠢᠬᠤ ᠢᠳᠡᠪᠬᠢ ᠬᠦᠴᠦᠨ ᠢ | ᠤᠯᠠᠮᠵᠢᠯᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠭᠤᠸᠠᠩ ᠮᠢᠩ ᠵᠠᠮ ᠤᠨ ᠬᠡᠷᠡᠭ ᠡᠷᠬᠢᠯᠡᠬᠦ ᠭᠠᠵᠠᠷ ᠤᠨ ᠶᠠᠨ | ᠾᠧ ᠨᠡᠶᠢᠭᠡᠮ ᠲᠣᠭᠤᠷᠢᠭ ᠤᠨ ᠬᠢᠨ ︽ᠭᠡᠷ ᠤᠨ ᠰᠤᠷᠲᠠᠯ ᠢ ᠰᠠᠶᠢᠲᠤᠷ ᠪᠠᠳᠠᠷᠠᠭᠤᠯᠵᠤ ᠰᠠᠶᠢᠨ ᠭᠡᠷ ᠤᠨ | ᠰᠤᠷᠭᠠᠯ ᠢ ᠤᠯᠠᠮᠵᠢᠯᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠥᠷᠨᠢᠭᠦᠯᠵᠡᠢ᠃ | | ᠨᠡᠶᠢᠭᠡᠮ ᠲᠣᠭᠤᠷᠢᠭ ᠤᠨ ᠠᠵᠢᠯᠲᠠᠳ ᠠᠮᠢᠳᠤᠯᠢᠭ ᠲᠠᠶᠢᠯᠪᠤᠷᠢᠯᠠᠬᠤ᠂ ᠴᠢᠩ ᠦᠨᠡᠨᠴᠢ ᠪᠠᠷ ᠬᠤᠪᠢᠶᠠᠯᠴᠠᠬᠤ ᠪᠠ | ᠰᠣᠨᠢᠷᠬᠠᠯ ᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠰᠠᠭᠤᠭᠠᠯᠢ ᠠᠷᠠᠳ ᠲᠤ ᠭᠡᠷ ᠤᠨ ᠰᠤᠷᠲᠠᠯ | ᠭᠡᠷ ᠤᠨ ᠰᠤᠷᠭᠠᠯ ᠤᠨ ᠤᠯᠠᠮᠵᠢᠯᠠᠯᠲᠤ ᠰᠣᠶᠣᠯ ᠳᠠᠬᠢ ᠭᠦᠨ ᠵᠤᠵᠠᠭᠠᠨ ᠠᠭᠤᠯᠬᠤᠨ ᠵᠢᠴᠢ ᠰᠢᠨ᠎ᠡ ᠴᠠᠭ ᠦᠶ᠎ᠡ ᠶᠢᠨ | ᠠᠬᠤᠢ ᠪᠠᠶᠢᠳᠠᠯ ᠳᠣᠣᠷᠠᠬᠢ ᠴᠢᠬᠤᠯᠠ ᠦᠨ᠎ᠡ ᠥᠷᠲᠡᠭ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ | ᠲᠣᠳᠣᠷᠬᠠᠶᠢᠯᠠᠨ ᠥᠭᠦᠯᠡᠪᠡ᠃ ᠡᠭᠦᠨ ᠤ ᠬᠠᠮᠲᠤ ᠠᠮᠢᠳᠤᠷᠠᠯ ᠤᠨ ᠪᠣᠳᠠᠲᠤ ᠪᠠᠶᠢᠳᠠᠯ ᠲᠠᠢ ᠪᠠᠨ ᠨᠢᠭᠲᠠ | ᠤᠶᠠᠯᠳᠤᠭᠤᠯᠵᠤ᠂ ᠮᠠᠰᠢ ᠤᠯᠠᠨ ᠳᠡᠷᠭᠡᠳᠡᠬᠢ ᠰᠢᠯᠢᠳᠡᠭ ᠭᠡᠷ ᠤᠨ ᠰᠤᠷᠲᠠᠯ ᠭᠡᠷ ᠤᠨ ᠪᠣᠯᠪᠠᠰᠤᠷᠠᠯ ᠤᠨ ᠨᠡᠶᠢᠲᠡᠯᠢᠭ | ᠵᠢᠱᠢᠶ᠎ᠡ ᠶᠢ ᠵᠢᠭᠰᠠᠭᠠᠵᠤ᠂ ᠪᠠᠭ᠎ᠠ ᠪᠠᠷ ᠶᠡᠭᠡ ᠶᠢ ᠦᠵᠡᠵᠦ᠂ ᠭᠡᠷ ᠤᠨ ᠰᠤᠷᠲᠠᠯ ᠭᠡᠷ ᠤᠨ ᠰᠤᠷᠭᠠᠯ ᠤᠨ ᠭᠡᠷ ᠪᠦᠯᠢ᠂ | ᠨᠡᠶᠢᠭᠡᠮ ᠳᠤ ᠦᠵᠡᠭᠦᠯᠬᠦ ᠠᠯᠤᠰ ᠬᠡᠳᠤ ᠶᠢᠨ ᠨᠥᠯᠥᠭᠡ ᠶᠢ ᠠᠮᠢᠳᠤᠯᠢᠭ ᠢᠶᠠᠷ ᠢᠯᠡᠷᠡᠭᠦᠯᠪᠡ᠃ ᠡᠭᠦᠨ ᠠᠴᠠ ᠭᠠᠳᠠᠨ᠎ᠠ᠂ | ᠨᠡᠶᠢᠭᠡᠮ ᠲᠣᠭᠤᠷᠢᠭ ᠤᠨ ᠠᠵᠢᠯᠲᠠᠳ ᠪᠠᠰᠠ ᠰᠠᠭᠤᠭᠠᠯᠢ ᠠᠷᠠᠳ ᠢ ᠤᠷᠢᠵᠤ ᠶᠠᠷᠢᠶᠠᠨ ᠤ ᠲᠠᠪᠴᠠᠩ ᠳᠤ ᠭᠠᠷᠭᠠᠵᠤ᠂ | ᠥᠪᠡᠷ ᠤᠨ ᠦᠶ᠎ᠡ ᠦᠶ᠎ᠡ ᠶᠢᠨ ᠤᠯᠠᠮᠵᠢᠯᠠᠭᠰᠠᠨ ᠭᠡᠷ ᠤᠨ ᠰᠤᠷᠲᠠᠯ ᠤᠨ ᠦᠯᠢᠭᠡᠷ ᠢᠶᠠᠨ ᠬᠤᠪᠢᠶᠠᠯᠴᠠᠭᠤᠯᠪᠠ᠃ | ᠪᠣᠷᠣᠭᠵᠢᠭᠤᠨ ᠪᠥᠭᠡᠳ ᠬᠠᠯᠠᠭᠤᠨ ᠳᠤᠯᠠᠭᠠᠨ ᠲᠣᠭᠠᠴᠢᠯᠲᠠ ᠨᠢ ᠤᠯᠠᠨ ᠳᠤ ᠭᠡᠷ ᠤᠨ ᠰᠤᠷᠲᠠᠯ ᠭᠡᠷ ᠤᠨ | ᠰᠤᠷᠭᠠᠯ ᠳᠤ ᠠᠭᠤᠯᠤᠭᠳᠠᠵᠤ ᠪᠠᠶᠢᠭ᠎ᠠ ᠬᠦᠴᠦᠷᠬᠡᠭ ᠶᠡᠭᠡ ᠬᠦᠴᠦᠨ ᠢ ᠭᠦᠨᠵᠡᠭᠡᠢ ᠮᠡᠳᠡᠷᠡᠭᠦᠯᠪᠡ᠃ ᠣᠯᠠᠨ ᠢᠶᠠᠷ ᠢᠶᠠᠨ᠂ | ᠬᠤᠶᠢᠱᠢᠳᠠ ᠠᠵᠢᠯᠯᠠᠭ᠎ᠠ ᠶᠢᠨ ᠳᠤᠮᠳᠠ ᠰᠤᠷᠤᠭᠰᠠᠨ ᠭᠡᠷ ᠤᠨ ᠰᠤᠷᠲᠠᠯ ᠭᠡᠷ ᠤᠨ ᠰᠤᠷᠭᠠᠯ ᠢ ᠡᠳᠦᠷ ᠲᠤᠲᠤᠮ ᠤᠨ | ᠠᠮᠢᠳᠤᠷᠠᠯ ᠳᠤ ᠠᠭᠤᠰᠬᠠᠵᠤ᠂ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠭᠡᠷ | ᠪᠦᠯᠢ ᠶᠢᠨ ᠰᠠᠶᠢᠬᠠᠨ ᠰᠤᠷᠲᠠᠯ ᠢ ᠦᠢᠯᠡᠳᠦᠯᠭᠡᠵᠢᠭᠦᠯᠵᠦ᠂ ᠨᠡᠶᠢᠭᠡᠮ ᠲᠣᠭᠤᠷᠢᠭ ᠤᠨ ᠪᠣᠯᠪᠠᠰᠤᠨ ᠤ | ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃ | | ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠡᠷ ᠤᠨ ᠰᠤᠷᠲᠠᠯ | ᠭᠡᠷ ᠤᠨ ᠰᠤᠷᠭᠠᠯ ᠢ ᠮᠡᠳᠡᠷᠡᠬᠦ ᠰᠡᠳᠬᠢᠯᠭᠡ ᠶᠢ ᠪᠦᠲᠦᠮᠵᠢᠲᠡᠶ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠨᠡᠶᠢᠭᠡᠮ | ᠲᠣᠭᠤᠷᠢᠭ ᠤᠨ ᠪᠣᠯᠪᠠᠰᠤᠨ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠳᠤ ᠴᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠶᠠᠨ ᠾᠧ ᠨᠡᠶᠢᠭᠡᠮ ᠲᠣᠭᠤᠷᠢᠭ ᠦᠷᠭᠦᠯᠵᠢᠯᠡᠨ | ᠬᠦᠴᠦᠯᠡᠵᠦ᠂ ᠨᠡᠩ ᠤᠯᠠᠨ ᠪᠠᠶᠠᠯᠢᠭ ᠰᠠᠶᠢᠬᠠᠨ ᠠᠵᠢᠯᠯᠠᠭ᠎ᠠ ᠶᠢ ᠲᠥᠰᠥᠪᠯᠡᠨ ᠥᠷᠨᠢᠭᠦᠯᠵᠦ᠂ ᠰᠢᠯᠢᠳᠡᠭ ᠭᠡᠷ ᠤᠨ | ᠰᠤᠷᠲᠠᠯ ᠭᠡᠷ ᠤᠨ ᠰᠤᠷᠭᠠᠯ ᠢ ᠨᠡᠶᠢᠭᠡᠮ ᠲᠣᠭᠤᠷᠢᠭ ᠲᠤ ᠦᠨᠳᠦᠰᠦᠯᠡᠭᠦᠯᠦᠨ ᠰᠣᠶᠣᠭᠠᠯᠠᠵᠤ᠂ ᠵᠠᠩᠰᠢᠯ ᠪᠣᠯᠵᠤ᠂ ᠡᠶ᠎ᠡ | ᠵᠣᠬᠢᠴᠠᠩᠭᠤᠢ᠂ ᠪᠣᠯᠪᠠᠰᠤᠨ᠂ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠭᠡᠷ ᠣᠷᠣᠨ ᠢ ᠬᠠᠮᠲᠤᠪᠠᠷ ᠪᠤᠢ ᠪᠣᠯᠭᠠᠵᠤ᠂ | ᠪᠣᠯᠪᠠᠰᠤᠨ ᠤ ᠴᠡᠴᠡᠭ ᠢ ᠭᠠᠵᠠᠷ ᠪᠣᠯᠭᠠᠨ ᠳᠤ ᠳᠡᠯᠭᠡᠷᠡᠭᠦᠯᠦᠨ᠎ᠡ᠃ |