ᠬᠤᠲᠣᠩ ᠠᠷᠠᠳ ᠤᠨ ᠲᠣᠭᠤᠷᠢᠭ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠬᠠᠯᠳᠠᠪᠤᠷᠢᠲᠤ ᠡᠪᠡᠳᠴᠢᠨ ᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2025/3/11
    ᠰᠤᠷᠭᠠᠭᠤᠯᠢ ᠡᠬᠢᠯᠡᠬᠦ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠳᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠤᠨ  ᠪᠠᠶᠢᠭᠤᠯᠤᠮᠵᠢ ᠶᠢᠨ ᠰᠤᠷᠤᠭᠴᠢᠳ ᠳᠠᠬᠢᠨ ᠰᠤᠷᠭᠠᠭᠤᠯᠢ ᠶᠢᠨ ᠬᠦᠷᠢᠶᠡᠨ ᠳᠤ ᠪᠤᠴᠠᠵᠤ᠂ ᠬᠠᠪᠤᠷ ᠤᠨ ᠤᠯᠠᠷᠢᠯ ᠳᠤ  ᠶᠡᠭᠡ ᠬᠠᠯᠳᠠᠪᠤᠷᠢᠲᠤ ᠡᠪᠡᠳᠴᠢᠨ ᠢ  ᠰᠡᠷᠭᠡᠶᠢᠯᠡᠬᠦ ᠠᠵᠢᠯ ᠴᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠰᠠᠨ  ᠪᠠᠶᠢᠨ᠎ᠠ᠃ ᠰᠤᠷᠤᠭᠴᠢᠳ ᠤᠨ ᠡᠷᠡᠭᠦᠯ ᠮᠡᠨᠳᠦ  ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠲᠣᠩ ᠠᠷᠠᠳ ᠤᠨ ᠲᠣᠭᠤᠷᠢᠭ ᠤᠨ ᠡᠪᠡᠳᠴᠢᠨ ᠡᠮᠭᠡᠭ ᠢ  ᠰᠡᠷᠭᠡᠶᠢᠯᠡᠨ ᠡᠵᠡᠮᠳᠡᠬᠦ ᠲᠥᠪ  ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠲᠠᠰᠤᠭ ᠢᠳᠡᠪᠬᠢᠲᠡᠢ ᠬᠥᠳᠡᠯᠦᠯᠴᠡᠵᠦ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠣᠯᠠᠨ ᠶᠠᠩᠵᠤ ᠶᠢᠨ ᠬᠠᠯᠳᠠᠪᠤᠷᠢᠲᠤ ᠡᠪᠡᠳᠴᠢᠨ ᠢ  ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ  ᠪᠠᠶᠢᠭᠤᠯᠵᠤ᠂ ᠪᠠᠭᠰᠢ ᠰᠤᠷᠤᠭᠴᠢᠳ ᠲᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠡᠭᠦᠯ ᠮᠡᠨᠳᠦ ᠶᠢᠨ  ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃    ᠠᠵᠢᠯᠯᠠᠭ᠎ᠠ ᠶᠢᠨ ᠶᠠᠪᠤᠴᠠ ᠳᠤ᠂ ᠬᠤᠲᠣᠩ ᠠᠷᠠᠳ ᠤᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠨᠡᠷ᠎ᠡ  ᠬᠦᠨᠳᠦᠲᠦ ᠬᠠᠯᠳᠠᠪᠤᠷᠢᠲᠤ ᠡᠪᠡᠳᠴᠢᠨ ᠤ ᠲᠤᠰᠬᠠᠢ ᠮᠡᠷᠭᠡᠵᠢᠯᠲᠡᠨ ᠪᠠ ᠡᠷᠡᠭᠦᠯ ᠮᠡᠨᠳᠦ ᠶᠢᠨ ᠬᠥᠮᠦᠵᠢᠯ ᠤᠨ ᠯᠧᠺᠲ᠋ᠣᠷ ᠢᠶᠠᠷ ᠪᠦᠷᠢᠯᠳᠦᠭᠰᠡᠨ ᠲᠤᠰᠬᠠᠢ ᠮᠡᠷᠭᠡᠵᠢᠯ ᠤᠨ ᠪᠦᠯᠬᠦᠮ ᠢ ᠲᠣᠮᠢᠯᠠᠵᠤ᠂ ᠬᠥᠬᠡᠬᠤᠲᠠ ᠶᠢᠨ ᠳᠣᠯᠣᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ᠪᠠᠭᠰᠢ ᠰᠤᠷᠤᠭᠴᠢᠳ ᠲᠤ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠳᠠᠬᠢ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠬᠡᠷᠡᠭᠯᠡᠭᠡᠨ ᠤ ᠮᠡᠳᠡᠯᠭᠡ ᠶᠢᠨ  ᠲᠠᠶᠢᠯᠤᠮᠵᠢ ᠬᠢᠯᠭᠡᠪᠡ᠃    ᠲᠠᠶᠢᠯᠤᠮᠵᠢ ᠶᠢᠨ ᠲᠤᠬᠠᠢ ᠶᠢᠨ ᠲᠠᠯᠠᠪᠠᠢ ᠳᠤ᠂ ᠯᠧᠺᠲ᠋ᠣᠷ ᠨᠠᠷ ᠵᠢᠷᠤᠭ ᠪᠢᠴᠢᠭ ᠢ ᠬᠤᠣᠰᠯᠠᠭᠤᠯᠤᠭᠰᠠᠨ ᠳᠡᠯᠭᠡᠨ ᠦᠵᠡᠭᠦᠯᠦᠯᠭᠡ᠂ ᠦᠨᠡᠨ ᠪᠣᠳᠠᠲᠠᠢ ᠡᠪᠡᠳᠴᠢᠨ ᠤ ᠵᠢᠱᠢᠶ᠎ᠡ ᠶᠢᠨ ᠵᠠᠳᠠᠯᠤᠯᠲᠠ ᠪᠠ ᠬᠢᠯᠪᠠᠷ  ᠣᠶᠢᠯᠠᠭᠠᠮᠵᠢᠲᠠᠢ ᠦᠭᠡ ᠬᠡᠯᠡ ᠪᠠᠷ ᠪᠠᠭᠰᠢ ᠰᠤᠷᠤᠭᠴᠢᠳ ᠲᠤ ᠨᠥᠸᠧ ᠷᠦ ᠸᠢᠷᠦ᠋ᠰ ᠤᠨ ᠬᠠᠯᠳᠠᠪᠤᠷᠢᠯᠠᠯ ᠤᠨ ᠴᠢᠨᠠᠷᠲᠠᠢ ᠬᠤᠳᠣᠭᠤᠳᠤ ᠭᠡᠳᠡᠰᠦᠨ ᠤ ᠦᠷᠪᠢᠰᠦᠯ᠂ ᠬᠠᠯᠳᠠᠪᠤᠷᠢᠲᠤ ᠲᠠᠭᠰᠢᠭᠤᠷ᠂ ᠭᠠᠷ ᠬᠥᠯ ᠤᠨ ᠠᠮᠠᠨ ᠤ ᠡᠪᠡᠳᠴᠢᠨ᠂ ᠤᠰᠤᠨ ᠴᠡᠴᠡᠭ᠂ ᠭᠥᠷᠥᠭᠡᠰᠦ ᠵᠡᠷᠭᠡ ᠰᠤᠷᠭᠠᠭᠤᠯᠢ ᠶᠢᠨ ᠬᠦᠷᠢᠶᠡᠨ ᠳᠤ ᠦᠷᠭᠦᠯᠵᠢ ᠲᠣᠬᠢᠶᠠᠯᠳᠤᠳᠠᠭ ᠬᠠᠯᠳᠠᠪᠤᠷᠢᠲᠤ ᠡᠪᠡᠳᠴᠢᠨ ᠤ ᠬᠠᠮᠢᠶ᠎ᠠ ᠪᠦᠬᠦᠢ ᠮᠡᠳᠡᠯᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ  ᠲᠠᠶᠢᠯᠪᠤᠷᠢᠯᠠᠵᠠᠢ᠃    ᠲᠣᠰ ᠤᠳᠠᠭᠠᠨ ᠤ ᠤᠬᠠᠭᠤᠯᠤᠨ  ᠲᠠᠶᠢᠯᠪᠤᠷᠢᠯᠠᠬᠤ ᠠᠵᠢᠯᠯᠠᠭ᠎ᠠ ᠨᠢ ᠪᠠᠭᠰᠢ ᠰᠤᠷᠤᠭᠴᠢᠳ ᠤᠨ ᠬᠠᠯᠳᠠᠪᠤᠷᠢᠲᠤ ᠡᠪᠡᠳᠴᠢᠨ ᠢ   ᠰᠡᠷᠭᠡᠶᠢᠯᠡᠨ ᠡᠵᠡᠮᠳᠡᠬᠦ ᠮᠡᠳᠡᠯᠭᠡ ᠶᠢᠨ ᠬᠢᠷᠢ ᠲᠦᠪᠰᠢᠨ ᠪᠠ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠡᠪᠡᠳᠴᠢᠨ ᠡᠮᠭᠡᠭ ᠢ  ᠰᠡᠷᠭᠡᠶᠢᠯᠡᠨ ᠡᠵᠡᠮᠳᠡᠬᠦ ᠲᠥᠪ ᠠᠴᠠ ᠡᠯ᠎ᠡ ᠳᠤᠮᠳᠠᠳᠤ ᠪᠠᠭ᠎ᠠ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠤᠨ  ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠡᠦᠬᠡᠳ ᠤᠨ ᠡᠷᠡᠭᠦᠯ ᠢᠶᠠᠷ ᠦᠰᠦᠨ  ᠪᠣᠶᠢᠵᠢᠬᠤ ᠶᠢ ᠬᠠᠮᠠᠭᠠᠯᠠᠬᠤ ᠪᠣᠯᠣᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号