︵ᠰᠤᠷᠪᠤᠯᠵᠢᠯᠠᠭᠴᠢ ᠠᠨ ᠨᠠ︶ ᠣᠶᠢᠷ᠎ᠠ ᠶᠢᠨ ᠡᠳᠦᠷ᠂ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ | DeepSeek ᠤᠨ ᠠᠷᠠᠳ ᠤᠨ ᠶᠠᠪᠤᠳᠠᠯ ᠤᠨ ᠬᠦᠷᠢᠶᠡᠨ ᠳᠠᠬᠢ ᠭᠦᠨᠵᠡᠭᠡᠢ ᠬᠡᠷᠡᠭᠯᠡᠯᠲᠡ ᠪᠠ ᠠᠭᠤᠰᠤᠯᠴᠠᠯ ᠢ | ᠢᠳᠡᠪᠬᠢᠲᠡᠢ ᠠᠬᠢᠭᠤᠯᠵᠤ᠂ ᠣᠶᠤᠨᠴᠢ ᠦᠢᠯᠡᠴᠢᠯᠡᠭᠡ᠂ ᠲᠤᠭ᠎ᠠ ᠪᠠᠷᠢᠮᠲᠠ ᠶᠢᠨ ᠵᠠᠳᠠᠯᠤᠯᠲᠠ᠂ ᠠᠦ᠋ᠲ᠋ᠣᠴᠢᠯᠠᠭᠰᠠᠨ | ᠶᠠᠪᠤᠴᠠ ᠵᠡᠷᠭᠡ ᠮᠡᠷᠭᠡᠵᠢᠯ ᠢ ᠣᠷᠣᠭᠤᠯᠤᠨ ᠬᠡᠷᠡᠭᠯᠡᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠦᠷ᠎ᠡ ᠪᠦᠲᠦᠮᠵᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠠᠷᠠᠳ ᠤᠨ | ᠶᠠᠪᠤᠳᠠᠯ ᠤᠨ ᠠᠵᠢᠯ ᠤᠨ ᠦᠷ᠎ᠡ ᠪᠦᠲᠦᠮᠵᠢ ᠬᠢᠭᠡᠳ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠰᠢᠨᠵᠢᠯᠡᠬᠦ ᠤᠬᠠᠭᠠᠨᠴᠢᠯᠠᠭᠰᠠᠨ᠂ ᠨᠡᠩ ᠣᠨᠣᠪᠴᠢᠲᠠᠢ᠂ ᠣᠶᠤᠨᠴᠢᠯᠠᠭᠰᠠᠨ | ᠲᠡᠶᠢᠰᠢ ᠶᠡᠭᠡ ᠠᠯᠬᠤᠮ ᠢᠶᠠᠷ ᠤᠷᠤᠭᠰᠢᠯᠠᠪᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ᠂ ᠣᠷᠣᠰᠢᠭᠤᠯᠭ᠎ᠠ ᠶᠢᠨ ᠦᠢᠯᠡᠴᠢᠯᠡᠭᠡ᠂ ᠣᠷᠤᠭ ᠤᠨ ᠳᠠᠩᠰᠠᠯᠠᠯᠲᠠ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠣᠯᠠᠨ ᠵᠠᠩᠭᠢᠯᠠᠭ᠎ᠠ ᠶᠢᠨ ᠬᠦᠷᠢᠶᠡᠨ ᠳᠤ ᠢᠳᠡᠪᠬᠢᠲᠡᠢ ᠬᠠᠶᠢᠨ | ᠰᠦᠪᠡᠭᠴᠢᠯᠡᠵᠦ᠂ ᠬᠢᠮᠡᠯ ᠤᠶᠤᠨ ᠢᠶᠠᠷ ᠠᠷᠠᠳ ᠤᠨ ᠶᠠᠪᠤᠳᠠᠯ ᠤᠨ ᠲᠤᠭ᠎ᠠ ᠪᠠᠷᠢᠮᠲᠠ ᠶᠢ ᠵᠠᠳᠠᠯᠵᠤ᠂ ᠲᠥᠷᠥ ᠶᠢᠨ | ᠪᠣᠳᠣᠯᠭ᠎ᠠ ᠲᠣᠭᠲᠠᠭᠠᠬᠤ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ᠂ ᠦᠢᠯᠡᠴᠢᠯᠡᠭᠡᠨ ᠤ ᠵᠠᠭᠪᠤᠷ ᠲᠤ | ᠨᠠᠩ ᠣᠯᠠᠨ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ᠣᠶᠤᠨᠲᠤ ᠠᠷᠠᠳ ᠤᠨ ᠶᠠᠪᠤᠳᠠᠯ ᠤᠨ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ |