ᠬᠠᠢ ᠯᠢᠶᠠᠩ ᠨᠡᠶᠢᠭᠡᠮ ᠲᠣᠭᠤᠷᠢᠭ ᠤᠨ ᠬᠢᠨ ᠥᠨᠳᠥᠷ ᠪᠦᠲᠦᠮᠵᠢᠲᠡᠢ᠂ ᠳᠥᠭᠦᠮ ᠳᠥᠲᠡ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠪᠠᠷ ᠢᠮᠠᠭᠲᠠ ᠴᠢᠷᠮᠠᠶᠢᠨ᠎ᠠ᠃ ︽ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠬᠢᠨ | ᠰᠠᠭᠤᠭᠠᠯᠢ ᠠᠷᠠᠳ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ ᠢᠶᠠᠷ ᠪᠠᠷᠠᠬᠤ ᠦᠭᠡᠢ | ᠪᠠᠰᠠ ᠰᠠᠭᠤᠭᠠᠯᠢ ᠠᠷᠠᠳ ᠯᠤᠭ᠎ᠠ ᠶᠢᠨ ᠵᠠᠢ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠨᠡᠶᠢᠭᠡᠮ ᠲᠣᠭᠤᠷᠢᠭ ᠤᠨ | ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠤᠭᠰᠠᠨ ᠪᠠᠶᠢᠨ᠎ᠠ᠃ | | ᠦᠷ᠎ᠡ ᠳᠤ᠂ ᠬᠠᠢ ᠯᠢᠶᠠᠩ ᠨᠡᠶᠢᠭᠡᠮ ᠲᠣᠭᠤᠷᠢᠭ ᠤᠨ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ | ᠦᠢᠯᠡᠴᠢᠯᠡᠭᠡᠨ ᠤ ᠴᠣᠩᠬᠤ ᠨᠢ ᠣᠷᠣᠰᠢᠨ ᠰᠠᠭᠤᠬᠤ ᠭᠡᠷᠡᠴᠢ ᠠᠪᠬᠤ ᠪᠠᠷ ᠢᠷᠡᠭᠰᠡᠨ ᠨᠢᠭᠡᠨ ᠰᠠᠭᠤᠭᠠᠯᠢ ᠠᠷᠠᠳ ᠢ | ᠤᠭᠲᠤᠨ ᠠᠪᠴᠢᠷᠠᠪᠠ᠃ ᠭᠦᠢᠴᠡᠳᠬᠡᠬᠦ ᠶᠠᠪᠤᠴᠠ ᠳᠤ᠂ ᠠᠵᠢᠯᠲᠠᠳ ᠡᠩ ᠲᠡᠷᠢᠭᠦᠨ ᠳᠤ ᠰᠠᠭᠤᠭᠠᠯᠢ ᠠᠷᠠᠳ ᠲᠠᠢ | ᠨᠠᠷᠢᠨ ᠨᠢᠭᠲᠠ ᠨᠡᠪᠲᠡᠷᠡᠯᠴᠡᠵᠦ᠂ ᠲᠡᠳᠡᠨ ᠤ ᠣᠷᠣᠰᠢᠨ ᠰᠠᠭᠤᠬᠤ ᠭᠡᠷᠡᠴᠢ ᠭᠠᠷᠭᠠᠬᠤ ᠪᠣᠳᠠᠲᠠᠢ ᠬᠡᠷᠡᠭᠴᠡᠭᠡ | ᠱᠠᠭᠠᠷᠳᠠᠯᠭ᠎ᠠ ᠪᠠ ᠬᠡᠷᠡᠭᠴᠡᠭᠡ ᠶᠢ ᠣᠶᠢᠯᠠᠭᠠᠪᠠ᠃ ᠳᠠᠷᠠᠭ᠎ᠠ ᠨᠢ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ | ᠮᠡᠳᠡᠭᠡ ᠵᠠᠩᠭᠢ ᠵᠢᠴᠢ ᠬᠠᠮᠢᠶ᠎ᠠ ᠪᠦᠬᠦᠢ ᠭᠡᠷᠡᠴᠢ ᠦᠨᠡᠮᠯᠡᠯ ᠢ ᠨᠠᠷᠢᠨ ᠨᠢᠮᠪᠠᠢ ᠬᠠᠷᠭᠤᠭᠤᠯᠬᠤ ᠪᠠᠷ ᠳᠠᠮᠵᠢᠭᠤᠯᠤᠨ᠂ | ᠮᠡᠳᠡᠭᠡ ᠵᠠᠩᠭᠢ ᠶᠢᠨ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠭᠰᠠᠨ ᠤ ᠳᠠᠷᠠᠭ᠎ᠠ᠂ ᠳᠠᠷᠤᠢ ᠲᠦᠷᠭᠡᠨ | ᠲᠡᠭᠦᠨ ᠳᠤ ᠣᠷᠣᠨ ᠰᠠᠭᠤᠴᠠ ᠶᠢᠨ ᠭᠡᠷᠡᠴᠢ ᠶᠢ ᠰᠢᠢᠳᠪᠦᠷᠢᠯᠡᠵᠦ ᠥᠭᠴᠡᠢ᠃ ᠪᠦᠬᠦ᠋ᠢᠯᠡ ᠶᠠᠪᠤᠴᠠ ᠨᠢ ᠥᠨᠳᠥᠷ | ᠪᠦᠲᠦᠮᠵᠢᠲᠡᠶ ᠪᠣᠯᠵᠤ᠂ ᠰᠠᠭᠤᠭᠠᠯᠢ ᠠᠷᠠᠳ ᠤᠨ ᠳᠡᠭᠡᠳᠦ ᠬᠡᠮᠵᠢᠶ᠎ᠡ ᠪᠠᠷ ᠮᠡᠳᠡᠷᠡᠭᠳᠡᠭᠰᠡᠨ ᠪᠠᠶᠢᠨ᠎ᠠ᠃ | ᠢᠷᠡᠭᠡᠳᠦᠢ ᠳᠤ᠂ ᠬᠠᠢ ᠯᠢᠶᠠᠩ ᠨᠡᠶᠢᠭᠡᠮ ᠲᠣᠭᠤᠷᠢᠭ ᠤᠨ ᠬᠢᠨ ᠦᠢᠯᠡᠴᠢᠯᠡᠭᠡᠨ ᠤ ᠶᠠᠪᠤᠴᠠ ᠪᠠᠨ ᠦᠷᠭᠦᠯᠵᠢᠯᠡᠨ | ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠰᠠᠭᠤᠭᠠᠯᠢ | ᠠᠷᠠᠳ ᠲᠤ ᠨᠡᠩ ᠳᠣᠲᠣᠨᠣ᠂ ᠨᠡᠩ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠲᠤ | ᠭᠡᠷ ᠤᠨ ᠡᠭᠦᠳᠡᠨ ᠳᠤ ᠪᠠᠨ ᠴᠢᠨᠠᠷ ᠰᠠᠶᠢᠲᠠᠢ᠂ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠦᠷᠲᠡᠭᠡᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠦᠨᠡᠨᠬᠦ | ᠳᠡᠭᠡᠭᠰᠢᠯᠡᠭᠦᠯᠦᠨ᠎ᠡ᠃ |