ᠯᠧᠢ ᠹᠧᠩ ᠤᠨ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ᠂ ᠬᠠᠷᠠᠮ ᠦᠭᠡᠢ ᠵᠣᠷᠢᠭᠤᠯᠬᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠨᠠᠰᠤᠲᠠᠨ ᠢᠶᠠᠨ ᠬᠦᠨᠳᠦᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ | ᠲᠥᠯᠥᠭᠡ᠂ ᠰᠠᠶᠢᠬᠠᠨ ᠵᠠᠮ ᠤᠨ ᠨᠡᠶᠢᠭᠡᠮ ᠲᠣᠭᠤᠷᠢᠭ ︽ᠠᠮᠠᠨ ᠬᠥᠨᠳᠡᠢ ᠶᠢᠨ ᠬᠠᠶᠢᠷ᠎ᠠ ᠬᠠᠯᠠᠮᠵᠢ ᠶᠢᠨ ᠨᠢᠳᠦ ᠪᠠᠨ | ᠬᠠᠮᠠᠭᠠᠯᠠᠶ᠎ᠠ︾ ᠭᠡᠬᠦ ᠬᠠᠮᠲᠤᠷᠠᠭᠰᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠡᠮᠨᠡᠯᠭᠡ ᠶᠢᠨ ᠠᠵᠢᠯᠲᠠᠳ ᠬᠠᠷᠢᠶᠠᠲᠤ ᠣᠷᠣᠨ ᠤ | ᠨᠠᠰᠤᠲᠠᠶᠢᠴᠤᠳ ᠲᠤ ᠬᠠᠷᠠᠭᠠᠨ ᠤ ᠡᠷᠡᠭᠦᠯ ᠮᠡᠨᠳᠦ ᠶᠢᠨ ᠠᠰᠠᠭᠤᠳᠠᠯ᠂ ᠰᠤᠳᠠᠯ ᠪᠠᠷᠢᠬᠤ ᠵᠢᠴᠢ ᠴᠢᠰᠤᠨ ᠳᠠᠷᠤᠯᠲᠠ᠂ | ᠴᠢᠰᠤᠨ ᠰᠢᠬᠢᠷ ᠢ ᠪᠠᠶᠢᠴᠠᠭᠠᠨ ᠰᠢᠯᠭᠠᠬᠤ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ ᠰᠠᠭᠤᠭᠠᠯᠢ ᠠᠷᠠᠳ ᠤᠨ | ᠡᠳᠦᠷ ᠲᠤᠲᠤᠮ ᠤᠨ ᠢᠳᠡᠭᠡᠨ ᠤᠮᠳᠠᠭᠠᠨ ᠤ ᠳᠠᠳᠬᠠᠯ᠂ ᠰᠠᠭᠤᠷᠢ ᠡᠪᠡᠳᠴᠢᠨ ᠡᠮᠭᠡᠭ ᠢ ᠥᠪᠡᠷᠢᠶᠡᠨ ᠪᠠᠶᠢᠴᠠᠭᠠᠬᠤ᠂ | ᠪᠠᠶᠢᠩᠭᠤ ᠲᠣᠬᠢᠶᠠᠯᠳᠤᠬᠤ ᠤᠳᠠᠭᠠᠨ ᠴᠢᠨᠠᠷᠲᠠᠢ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠡᠮ ᠬᠡᠷᠡᠭᠯᠡᠬᠦ ᠵᠡᠷᠭᠡ | ᠵᠥᠪᠯᠡᠯᠭᠡ ᠥᠭᠬᠦ ᠠᠰᠠᠭᠤᠳᠠᠯ ᠳᠤ ᠴᠢᠭᠯᠡᠭᠦᠯᠦᠨ ᠲᠤᠰᠬᠠᠢ ᠮᠡᠷᠭᠡᠵᠢᠯ ᠤᠨ ᠮᠠᠳᠠᠭ ᠲᠠᠢ ᠠᠰᠠᠭᠤᠳᠠᠯ ᠢ | ᠱᠢᠢᠳᠪᠦᠷᠢᠯᠡᠵᠦ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠰᠠᠭᠤᠭᠠᠯᠢ ᠠᠷᠠᠳ ᠢ ᠬᠥᠲᠥᠯᠥᠨ | ᠵᠢᠯᠤᠭᠤᠳᠴᠤ ᠪᠠᠶᠢᠭᠠᠳ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠬᠤ ᠬᠡᠷᠡᠭᠲᠡᠢ᠃ ᠠᠵᠢᠯᠯᠠᠭ᠎ᠠ ᠶᠢᠨ | ᠲᠤᠬᠠᠢ ᠶᠢᠨ ᠲᠠᠯᠠᠪᠠᠢ ᠳᠤ᠂ ᠡᠮᠴᠢ ᠨᠠᠷ ᠰᠠᠭᠤᠭᠠᠯᠢ ᠠᠷᠠᠳ ᠲᠤ ᠰᠤᠳᠠᠯ ᠪᠠᠷᠢᠵᠤ ᠣᠨᠣᠰᠢᠯᠠᠪᠠ᠃ ︽ᠠᠪᠠᠭ᠎ᠠ ᠠ᠋᠂ | ᠲᠠ ᠦᠷ᠎ᠡ ᠶᠢᠨ ᠦᠶ᠎ᠡ ᠳᠤ ᠡᠯᠢᠭᠡᠨ᠋ᠤᠨ ᠬᠠᠯᠠᠭᠤᠨ ᠶᠡᠭᠡ ᠪᠠᠢᠨ᠎ᠠ᠂ ᠡᠩ ᠤᠨ ᠴᠠᠭ ᠲᠤ ᠠᠭᠤᠷᠯᠠᠵᠤ ᠪᠣᠯᠬᠤ ᠦᠭᠡᠢ | ︾ ᠭᠡᠪᠡ᠃ … … ᠰᠠᠭᠤᠭᠠᠯᠢ ᠠᠷᠠᠳ ᠤᠨ ᠬᠦᠴᠢᠷᠳᠡᠯ ᠳᠤ ᠴᠢᠭᠯᠡᠭᠦᠯᠦᠨ᠂ ᠲᠤᠬᠠᠢ ᠶᠢᠨ ᠲᠠᠯᠠᠪᠤᠷ ᠤᠨ ᠬᠢᠲᠠᠳ | ᠡᠮᠨᠡᠯᠭᠡ ᠴᠥᠮ ᠲᠣᠬᠢᠷᠠᠮᠵᠢᠲᠠᠢ ᠡᠮᠴᠢᠯᠡᠭᠡᠨ ᠤ ᠲᠥᠰᠥᠯ ᠪᠠ ᠰᠠᠨᠠᠭᠤᠯᠭ᠎ᠠ ᠳᠤᠷᠠᠳᠴᠠᠢ᠃ | ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠳᠥᠭᠦᠮ | ᠳᠥᠲᠡ ᠡᠷᠡᠭᠦᠯ ᠮᠡᠨᠳᠦ ᠶᠢᠨ ᠯᠠᠪᠯᠠᠭ᠎ᠠ ᠶᠢᠨ ᠲᠠᠪᠴᠠᠩ ᠪᠠᠶᠢᠭᠤᠯᠵᠤ ᠥᠭᠭᠦᠭᠰᠡᠨ ᠪᠥᠭᠡᠳ ᠪᠠᠰᠠ ᠰᠠᠭᠤᠭᠠᠯᠢ | ᠠᠷᠠᠳ ᠲᠤ ᠭᠡᠷ ᠤᠨ ᠡᠭᠦᠳᠡᠨ ᠳᠤ ᠲᠤᠰᠬᠠᠢ ᠮᠡᠷᠭᠡᠵᠢᠯ ᠤᠨ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠡᠷᠡᠭᠦᠯᠵᠢᠭᠦᠯᠬᠦ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠶᠢᠬᠠᠨ ᠵᠠᠮ ᠤ ᠨᠡᠶᠢᠭᠡᠮ ᠲᠣᠭᠤᠷᠢᠭ ᠤᠨ ᠬᠢᠨ | ᠠᠷᠠᠳ ᠲᠤ ᠲᠥᠬᠦᠮ ᠦᠵᠡᠭᠦᠯᠬᠦ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠭᠦᠯᠵᠢᠯᠡᠨ | ᠥᠷᠨᠢᠭᠦᠯᠵᠦ᠂ ᠨᠠᠩ ᠣᠯᠠᠨ ᠡᠷᠡᠭᠦᠯ ᠮᠡᠨᠳᠦ᠂ ᠠᠷᠠᠳ ᠲᠤ ᠠᠰᠢᠭ ᠬᠦᠷᠲᠡᠭᠡᠬᠦ ᠰᠠᠶᠢᠨ ᠳᠤᠷ᠎ᠠ ᠶᠢᠨ ᠦᠢᠯᠡᠴᠢᠯᠡᠭᠡ ᠶᠢ | ᠰᠠᠭᠤᠭᠠᠯᠢ ᠠᠷᠠᠳ ᠤᠨ ︽ᠭᠡᠷ ᠤᠨ ᠡᠭᠦᠳᠡ︾ ᠳᠤ ᠬᠦᠷᠭᠡᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ | ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃ | |