︵ᠰᠤᠷᠪᠤᠯᠵᠢᠯᠠᠭᠴᠢ ᠯᠢᠶᠠᠩ ᠵᠢᠩ ᠱᠥ︶ 3 ᠳ᠋ᠤᠭᠠᠷ ᠰᠠᠷ᠎ᠠ ᠶᠢᠨ 12 ᠤ ᠡᠳᠦᠷ᠂ ᠰᠤᠷᠪᠤᠯᠵᠢᠯᠠᠭᠴᠢ | ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶᠠᠨ ᠠᠴᠠ ᠣᠶᠢᠯᠠᠭᠠᠭᠰᠠᠨ ᠨᠢ᠂ ︽ᠬᠥᠬᠡᠬᠤᠲᠠ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠦᠷᠢᠶᠡᠨ ᠳᠠᠬᠢ ᠨᠢᠭᠡ ᠬᠤᠲᠠᠴᠢᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ︾ ᠲᠣᠭᠲᠠᠭᠰᠠᠨ ᠠᠴᠠ ᠨᠠᠭᠠᠰᠢ᠂ ᠣᠳᠣ ᠪᠣᠯᠲᠠᠯ᠎ᠠ᠂ ᠬᠥᠬᠡᠬᠤᠲᠠ | ᠪᠤᠭᠤᠲᠤ ᠶᠢᠨ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠵᠦᠢᠯᠡᠰ ᠤᠨ ᠶᠡᠷᠦᠩᠬᠡᠢ ᠲᠤᠭ᠎ᠠ ᠨᠢ 335 | ᠬᠦᠷᠴᠡᠢ᠃ | ᠣᠶᠢᠯᠠᠭᠠᠭᠰᠠᠨ ᠢᠶᠠᠷ᠂ ︽ᠬᠥᠬᠡᠬᠤᠲᠠ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠦᠷᠢᠶᠡᠨ ᠳᠠᠬᠢ ᠨᠢᠭᠡ ᠬᠤᠲᠠᠴᠢᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠡᠯᠡᠯᠴᠡᠭᠡᠷ︾ ᠢ ᠨᠠᠶᠢᠳᠠᠪᠤᠷᠢᠵᠢᠭᠤᠯᠵᠤ᠂ ᠬᠥᠬᠡᠬᠤᠲᠠ᠂ ᠪᠤᠭᠤᠲᠤ ᠬᠤᠲᠠ ᠶᠢᠨ ᠣᠯᠠᠨ ᠲᠦᠮᠡᠨ | ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ | ᠬᠤᠶᠠᠷ ᠬᠤᠲᠠ ᠬᠡᠷᠡᠭ ᠶᠠᠪᠤᠳᠠᠯ᠂ ᠠᠷᠭ᠎ᠠ ᠵᠠᠮ᠂ ᠠᠵᠢᠯᠲᠠᠨ ᠵᠡᠷᠭᠡ ᠭᠤᠷᠪᠠᠨ ᠵᠠᠩᠭᠢᠯᠠᠭ᠎ᠠ ᠶᠢᠨ ᠭᠤᠣᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠪᠠᠲᠤᠳᠬᠠᠨ᠂ ᠠᠵᠢᠯᠲᠠᠨ ᠤ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠥᠬᠡᠬᠤᠲᠠ ᠪᠤᠭᠤᠲᠤ ᠬᠤᠲᠠ ᠶᠢᠨ ᠨᠡᠶᠢᠳᠡᠮ ᠭᠦᠢᠴᠡᠳᠬᠡᠬᠦ | ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠦᠢᠯᠡᠴᠢᠯᠡᠭᠡᠨ ᠤ ᠭᠦᠨᠴᠡ ᠪᠠ | ᠥᠷᠭᠡᠴᠡ ᠶᠢ ᠥᠷᠭᠡᠳᠬᠡᠪᠡ᠃ 2024 ᠣᠨ ᠤ ᠡᠬᠢᠨ ᠳᠤ᠂ ᠬᠥᠬᠡᠬᠤᠲᠠ ᠪᠤᠭᠤᠲᠤ ᠬᠤᠶᠠᠷ ᠭᠠᠵᠠᠷ 192 | ᠵᠦᠢᠯᠡᠰ ᠤᠨ ᠭᠡᠷ᠎ᠡ ᠲᠣᠭᠲᠠᠪᠠ᠃ 2024 ᠣᠨ ᠤ ᠡᠴᠦᠰ ᠲᠤ ᠬᠤᠶᠠᠷ ᠭᠠᠵᠠᠷ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠠᠯᠠᠭ᠎ᠠ ᠮᠥᠴᠢᠷ ᠨᠢᠭᠡ ᠵᠢᠯ ᠤᠨ ᠬᠠᠮᠵᠢᠯᠴᠠᠨ ᠬᠦᠴᠦᠯᠡᠬᠦ ᠪᠠᠷ ᠳᠡᠮᠵᠢᠨ᠂ ᠬᠥᠬᠡᠬᠤᠲᠠ | ᠪᠤᠭᠤᠲᠤ ᠶᠢᠨ ᠬᠤᠲᠠ ᠶᠢᠨ ᠳᠡᠰ ᠤᠨ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠵᠦᠢᠯᠡᠰ ᠤᠨ | ᠶᠡᠷᠦᠩᠬᠡᠢ ᠲᠤᠭ᠎ᠠ 312 ᠵᠦᠢᠯᠡᠰ ᠲᠤ ᠬᠦᠷᠴᠦ᠂ ︽ᠬᠤᠶᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ | ᠬᠡᠷᠡᠭᠰᠡᠯ ᠤᠨ ᠡᠵᠡᠩᠨᠡᠯᠲᠡ ᠶᠢᠨ ᠳᠠᠩᠰᠠᠯᠠᠯᠲᠠ︾ ︽ᠺᠣᠮᠫᠠᠨᠢ ᠶᠢᠨ ᠪᠤᠰᠤ ᠠᠵᠤ ᠠᠬᠤᠶᠢᠯᠠᠯ ᠤᠨ ᠬᠠᠤᠯᠢ ᠶᠢᠨ | ᠡᠷᠬᠡᠲᠡᠨ ᠤ ᠬᠦᠴᠦᠨ ᠦᠭᠡᠢ ᠪᠣᠯᠭᠠᠭᠰᠠᠨ ᠳᠠᠩᠰᠠᠯᠠᠯᠲᠠ︾ ᠵᠡᠷᠭᠡ 120 ᠵᠦᠢᠯ ᠤᠨ ᠥᠨᠳᠥᠷ ᠳᠠᠪᠲᠠᠮᠵᠢᠲᠤ | ᠵᠦᠢᠯᠡᠰ ᠢ ᠨᠡᠮᠡᠵᠦ᠂ ᠨᠡᠶᠢᠳᠡᠮ ᠭᠦᠢᠴᠡᠳᠬᠡᠬᠦ ᠵᠦᠢᠯᠡᠰ ᠤᠨ ᠲᠤᠭ᠎ᠠ ᠬᠡᠮᠵᠢᠶ᠎ᠡ ᠦᠳᠲᠡᠷ ᠲᠦᠷᠭᠡᠨ ᠨᠡᠮᠡᠭᠳᠡᠵᠡᠢ᠃ | 2024 ᠣᠨ ᠤ ᠡᠬᠢᠨ ᠳᠤ᠂ ᠬᠤᠶᠠᠷ ᠭᠠᠵᠠᠷ ᠤᠨ ᠬᠢᠨ ᠳᠠᠬᠢᠨᠲᠠ ᠡᠷᠲᠡ ᠲᠥᠯᠥᠪᠯᠡᠨ᠂ ᠡᠷᠲᠡ ᠬᠥᠲᠥᠯᠥᠯᠴᠡᠨ᠂ | ᠡᠷᠲᠡ ᠬᠦᠴᠦᠯᠡᠵᠦ᠂ ᠣᠷᠣᠨ ᠪᠦᠰᠡ ᠠᠯᠤᠰᠯᠠᠭᠰᠠᠨ ᠠᠵᠢᠯ ᠤᠨ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠵᠦ᠂ | ᠬᠤᠶᠠᠷ ᠰᠠᠷ᠎ᠠ ᠶᠢᠨ ᠳᠣᠲᠣᠷ᠎ᠠ ᠨᠡᠶᠢᠳᠡᠮ ᠭᠦᠢᠴᠡᠳᠬᠡᠬᠦ ᠵᠦᠢᠯᠡᠰ 23 ᠨᠡᠮᠡᠭᠳᠡᠵᠦ᠂ ᠣᠳᠣᠬᠠᠨ ᠳᠤ ᠶᠡᠷᠦᠩᠬᠡᠢ | ᠲᠤᠭ᠎ᠠ 335 ᠵᠦᠢᠯᠡᠰ ᠲᠤ ᠬᠦᠷᠴᠡᠢ᠃ | 2025 ᠣᠨ ᠳᠤ᠂ ᠬᠥᠬᠡᠬᠤᠲᠠ ᠪᠤᠭᠤᠲᠤ ᠬᠤᠶᠠᠷ ᠬᠤᠲᠠ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠶᠢ ᠠᠬᠢᠭᠤᠯᠬᠤ | ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠷᠭᠦᠯᠵᠢᠯᠡᠨ | ᠭᠦᠨᠵᠡᠭᠡᠢ ᠬᠠᠮᠲᠤᠷᠠᠯᠴᠠᠵᠤ᠂ 100 ᠵᠦᠢᠯᠡᠰ ᠠᠴᠠ ᠳᠤᠲᠠᠭᠤ ᠦᠭᠡᠢ ᠬᠤᠰᠢᠭᠤ ᠰᠢᠶᠠᠨ ᠲᠣᠭᠤᠷᠢᠭ ᠵᠢᠴᠢ | ᠳᠣᠣᠷᠠᠬᠢ ᠲᠠᠰ ᠳᠠᠪᠬᠤᠷᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ᠬᠥᠬᠡᠬᠤᠲᠠ | ᠪᠤᠭᠤᠲᠤ ᠶᠢᠨ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢ ᠢᠳᠡᠪᠬᠢᠲᠡᠢ | ᠠᠬᠢᠭᠤᠯᠤᠨ᠎ᠠ᠃ ᠪᠠᠷᠢᠮᠵᠢᠶ᠎ᠠ ᠶᠢ ᠨᠢᠭᠡᠳᠦᠯᠲᠡᠢ ᠬᠡᠷᠡᠭᠵᠢᠭᠦᠯᠬᠦ᠂ ᠰᠦᠯᠵᠢᠶᠡᠨ ᠭᠠᠳᠠᠨᠠᠬᠢ ᠦᠢᠯᠡᠴᠢᠯᠡᠭᠡᠨ ᠤ | ᠴᠣᠩᠬᠤᠪᠴᠢ ᠶᠢ ᠲᠣᠬᠢᠷᠠᠭᠤᠯᠬᠤ᠂ ᠵᠣᠬᠢᠴᠠᠭᠤᠯᠤᠨ ᠬᠠᠷᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ | ᠵᠡᠷᠭᠡ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠬᠡᠬᠤᠲᠠ ᠪᠤᠭᠤᠲᠤ ᠶᠢᠨ ︽ᠣᠷᠣᠨ ᠪᠦᠰᠡ | ᠠᠯᠤᠰᠯᠠᠨ ᠨᠡᠶᠢᠳᠡᠮ ᠭᠦᠢᠴᠡᠳᠬᠡᠬᠦ︾ ᠰᠢᠨ᠎ᠡ ᠳᠠᠪᠰᠢᠯᠲᠠ ᠶᠢ ᠪᠡᠶᠡᠯᠡᠭᠦᠯᠦᠨ᠎ᠡ᠃ |