ᠥᠷᠭᠡᠨ ᠣᠯᠠᠨ ᠲᠦᠮᠡᠨ ᠤ ᠰᠦᠯᠵᠢᠶᠡᠨ ᠤ ᠴᠤᠤᠷᠬᠠᠯ ᠢ ᠢᠯᠭᠠᠨ ᠲᠠᠨᠢᠬᠤ ᠴᠢᠳᠠᠪᠤᠷᠢ ᠵᠢᠴᠢ ᠰᠦᠯᠵᠢᠶᠡᠨ ᠤ | ᠬᠠᠤᠯᠢ ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠬᠦ ᠤᠬᠠᠮᠰᠠᠷ ᠢ | ᠳᠡᠭᠡᠭᠰᠢᠯᠡᠭᠦᠯᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠬᠤ ᠶᠢᠨ | ᠲᠥᠯᠥᠭᠡ᠂ ᠣᠶᠢᠷ᠎ᠠ ᠶᠢᠨ ᠡᠳᠦᠷ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠲᠣᠩ | ᠠᠷᠠᠳ ᠤᠨ ᠬᠤᠪᠢᠶᠠᠷᠢ ᠲᠣᠪᠴᠢᠶᠠᠨ ᠤ ᠴᠠᠭᠳᠠᠭ᠎ᠠ ᠶᠢᠨ ᠰᠠᠯᠪᠤᠷᠢ ᠠᠩᠭᠢ ᠳᠤᠮᠳᠠᠳᠤ ᠤᠯᠤᠰ ᠤᠨ ᠴᠠᠬᠢᠯᠭᠠᠨ | ᠬᠤᠯᠪᠣᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠬᠤᠪᠢᠶᠠᠷᠢ ᠺᠣᠮᠫᠠᠨᠢ ᠶᠢᠨ | ᠬᠤᠲᠣᠩ ᠠᠷᠠᠳ ᠤᠨ ᠲᠣᠭᠤᠷᠢᠭ ᠤᠨ ᠡᠵᠡᠩᠨᠡᠯᠲᠡ ᠶᠢᠨ ᠭᠠᠵᠠᠷ ᠲᠠᠢ ᠬᠠᠮᠲᠤᠷᠠᠨ ᠰᠦᠯᠵᠢᠶᠡᠨ ᠤ ᠴᠤᠤᠷᠬᠠᠯ ᠳᠤ | ᠴᠣᠬᠢᠯᠲᠠ ᠥᠭᠬᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠪᠣᠯᠣᠨ ᠴᠠᠬᠢᠯᠭᠠᠨ ᠬᠤᠯᠪᠣᠭᠠᠨ ᠤ ᠠᠵᠢᠯᠲᠠᠨ ᠨᠡᠶᠢᠭᠡᠮ | ᠲᠣᠭᠤᠷᠢᠭ᠂ ᠠᠵᠤ ᠠᠬᠤᠢᠯᠠᠯ ᠳᠤ ᠭᠦᠨᠵᠡᠭᠡᠶᠢᠷᠡᠨ᠂ ᠨᠢᠭᠤᠷᠲᠠᠨ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠪᠠᠷ ᠳᠠᠮᠵᠢᠭᠤᠯᠤᠨ᠂ ᠬᠠᠷᠢᠶᠠᠲᠤ ᠲᠣᠭᠤᠷᠢᠭ ᠤᠨ ᠣᠯᠠᠨ ᠲᠦᠮᠡᠨ ᠪᠣᠯᠣᠨ ᠬᠠᠮᠢᠶ᠎ᠠ ᠪᠦᠬᠦᠢ | ᠨᠢᠭᠡᠴᠡ ᠶᠢᠨ ᠠᠵᠢᠯᠲᠠᠨ ᠳᠤ ᠰᠦᠯᠵᠢᠶᠡᠨ ᠤ ᠴᠤᠤᠷᠬᠠᠯ ᠤᠨ ᠬᠤᠣᠷ ᠬᠥᠨᠥᠭᠡᠯ ᠢ ᠲᠠᠶᠢᠯᠪᠤᠷᠢᠯᠠᠨ ᠥᠭᠴᠦ᠂ ᠥᠷᠭᠡᠨ | ᠣᠯᠠᠨ ᠲᠦᠮᠡᠨ ᠢ ︽ᠪᠣᠬᠢᠷᠲᠤᠯ ᠦᠭᠡᠢ︾ ᠰᠦᠯᠵᠢᠶᠡᠨ ᠳᠤ ᠭᠠᠷᠬᠤ᠂ ᠠᠮᠤᠷ ᠲᠦᠪᠰᠢᠨ ᠢᠶᠠᠷ ᠰᠦᠯᠵᠢᠶᠡᠨ ᠳᠤ ᠭᠠᠷᠬᠤ᠂ | ᠪᠣᠯᠪᠠᠰᠤᠨ ᠢᠶᠠᠷ ᠰᠦᠯᠵᠢᠶᠡᠨ ᠳᠤ ᠭᠠᠷᠬᠤ ᠶᠢ ᠤᠷᠢᠶᠠᠯᠠᠪᠠ᠃ | | | | ᠡᠭᠦᠨ ᠤ ᠬᠠᠮᠲᠤ᠂ ᠡᠨᠡ ᠵᠢᠯ ᠠᠴᠠ ᠨᠠᠰᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠦᠯᠵᠢᠶᠡᠨ ᠤ | ᠴᠤᠤᠷᠬᠠᠯ ᠢ ᠲᠠᠷᠬᠠᠭᠠᠬᠤ ᠳᠤ ᠬᠤᠯᠪᠣᠭᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠤᠬᠠᠭᠤᠯᠤᠨ | ᠲᠠᠶᠢᠯᠪᠤᠷᠢᠯᠠᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠨ᠂ ᠲᠤᠬᠠᠢ ᠶᠢᠨ ᠲᠠᠯᠠᠪᠤᠷ ᠤᠨ ᠬᠥᠮᠥᠰ ᠲᠤ ᠰᠦᠯᠵᠢᠶᠡᠨ ᠤ | ᠴᠤᠤᠷᠬᠠᠯ ᠢ ᠢᠯᠭᠠᠨ ᠲᠠᠨᠢᠬᠤ ᠠᠷᠭ᠎ᠠ ᠵᠢᠴᠢ ᠰᠦᠯᠵᠢᠶᠡᠨ ᠤ ᠴᠤᠤᠷᠬᠠᠯ ᠢ ᠲᠠᠷᠬᠠᠭᠠᠬᠤ ᠬᠠᠤᠯᠢ ᠴᠠᠭᠠᠵᠠ ᠶᠢᠨ | ᠬᠠᠷᠢᠭᠤᠴᠠᠯᠭ᠎ᠠ ᠵᠡᠷᠭᠡ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ᠰᠦᠯᠵᠢᠶᠡᠨ ᠤ ᠴᠤᠤᠷᠬᠠᠯ ᠢ ᠤᠬᠠᠮᠰᠠᠷ ᠠᠴᠠ ᠪᠠᠨ ᠬᠤᠷᠢᠭᠯᠠᠬᠤ ᠤᠬᠠᠮᠰᠠᠷ ᠲᠠᠢ ᠪᠣᠯᠭᠠᠪᠠ᠃ | | | ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠰᠦᠯᠵᠢᠶᠡᠨ ᠤ | ᠴᠤᠤᠷᠬᠠᠯ ᠳᠤ ᠴᠣᠬᠢᠯᠲᠠ ᠥᠭᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠦᠯᠵᠢᠶᠡᠨ ᠤ | ᠴᠤᠤᠷᠬᠠᠯ ᠢ ᠬᠠᠤᠯᠢ ᠶᠣᠰᠣᠭᠠᠷ ᠴᠡᠭᠴᠡᠯᠡᠨ ᠵᠠᠰᠠᠵᠤ᠂ ᠥᠷᠭᠡᠨ ᠤᠯᠠᠨ ᠰᠦᠯᠵᠢᠶᠡᠨ ᠤ ᠠᠷᠠᠳ ᠪᠣᠯᠣᠨ ᠢᠨᠲ᠋ᠧᠷ | ᠰᠦᠯᠵᠢᠶᠡᠨ ᠤ ᠠᠵᠤ ᠠᠬᠤᠢᠯᠠᠯ ᠤᠨ ᠲᠠᠪᠴᠠᠩ ᠢ ᠬᠠᠤᠯᠢ ᠶᠣᠰᠣᠭᠠᠷ ᠰᠦᠯᠵᠢᠶᠡᠨ ᠳᠤ ᠭᠠᠷᠭᠠᠵᠤ᠂ ᠬᠠᠤᠯᠢ | ᠶᠣᠰᠣᠭᠠᠷ ᠰᠦᠯᠵᠢᠶ᠎ᠡ ᠡᠷᠬᠢᠯᠡᠬᠦ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠰᠤᠷᠲᠠᠯ ᠴᠢᠬᠡᠴᠢ ᠣᠪᠣᠷ ᠲᠥᠪ | ᠰᠦᠯᠵᠢᠶᠡᠨ ᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠥᠷᠭᠡᠨ ᠤᠯᠠᠨ ᠠᠷᠠᠳ | ᠲᠦᠮᠡᠨ ᠤ ᠰᠦᠯᠵᠢᠶᠡᠨ ᠤ ᠣᠷᠣᠨ ᠵᠠᠢ ᠳᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | |