ᠮᠠᠨ ᠤ ᠣᠷᠣᠨ ᠥᠪᠡᠷ ᠲᠡᠭᠡᠨ ᠰᠤᠷᠴᠤ ᠰᠢᠯᠭᠠᠭᠤᠯᠤᠭᠰᠠᠳ ᠤᠨ ᠰᠢᠯᠭᠠᠯᠲᠠ ᠶᠢᠨ ᠲᠣᠭᠤᠷᠢᠭ ᠢ ᠨᠡᠮᠡᠵᠦ ᠲᠣᠬᠢᠷᠠᠭᠤᠯᠪᠠ
ᠨᠡᠶᠢᠲᠡᠯᠡᠭᠰᠡᠨ ᠴᠠᠭ᠄
2025/3/18
    ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ 2025 ᠣᠨ ᠤ ᠳᠡᠭᠡᠷ᠎ᠡ ᠬᠠᠭᠠᠰ ᠵᠢᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷ ᠲᠡᠭᠡᠨ ᠰᠤᠷᠴᠤ ᠰᠢᠯᠭᠠᠭᠤᠯᠤᠭᠰᠠᠳ ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 3 ᠰᠠᠷ᠎ᠠ ᠶᠢᠨ 3 ᠤ ᠡᠳᠦᠷ ᠠᠴᠠ 3 ᠰᠠᠷ᠎ᠠ ᠶᠢᠨ 7 ᠤ ᠡᠳᠦᠷ ᠪᠤᠯᠳᠠᠯ᠎ᠠ ᠶᠠᠪᠤᠭᠳᠠᠨ᠎ᠠ᠃ ᠥᠷᠭᠡᠨ ᠤᠯᠠᠨ ᠰᠢᠯᠭᠠᠭᠤᠯᠤᠭᠰᠠᠳ ᠲᠤ ᠨᠡᠩ ᠰᠠᠶᠢᠲᠤᠷ ᠦᠢᠯᠡᠴᠢᠯᠡᠬᠦ ᠶᠢᠨ ᠲᠥᠯᠥᠭᠡ ᠪᠤᠭᠤᠲᠤ ᠬᠤᠳᠠ ᠪᠣᠯᠣᠨ ᠤᠯᠠᠭᠠᠨᠬᠠᠳᠠ ᠬᠤᠳᠠ ᠳᠤ ᠬᠤᠶᠠᠷ ᠰᠢᠯᠭᠠᠯᠲᠠ ᠶᠢᠨ ᠲᠣᠭᠤᠷᠢᠭ ᠢ ᠰᠢᠨ᠎ᠡ ᠪᠠᠷ ᠨᠡᠮᠡᠭᠰᠡᠨ ᠪᠠᠶᠢᠨ᠎ᠠ᠃     ᠲᠣᠰ ᠤᠳᠠᠭᠠᠨ ᠤ ᠲᠣᠬᠢᠷᠠᠭᠤᠯᠤᠯᠲᠠ ᠪᠠᠷ ᠪᠦᠭᠦ ᠣᠷᠣᠨ ᠤ ᠥᠪᠡᠷ ᠲᠡᠭᠡᠨ ᠰᠤᠷᠴᠤ ᠰᠢᠯᠭᠠᠭᠤᠯᠤᠭᠰᠠᠳ ᠤᠨ ᠰᠢᠯᠭᠠᠯᠲᠠ ᠭᠦᠭᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠲᠦᠩᠯᠢᠶᠣᠣ ᠬᠤᠲᠠ᠂ ᠣᠷᠳᠣᠰ ᠬᠤᠲᠠ ᠪᠠ ᠬᠢᠩᠭᠠᠨ ᠠᠶᠢᠮᠠᠭ ᠵᠡᠷᠭᠡ 6 ᠠᠶᠢᠮᠠᠭ ᠬᠤᠲᠠ ᠳᠤ ᠶᠠᠪᠤᠭᠳᠠᠬᠤ ᠪᠣᠯᠣᠨ᠎ᠠ᠃     ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠤᠬᠠᠭᠠᠨ ︵ᠲᠤᠰᠬᠠᠢ ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠤ︶ ᠤ ᠲᠤᠰᠬᠠᠢ ᠮᠡᠷᠭᠡᠵᠢᠯ ᠪᠣᠯ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠶᠢᠳᠠᠯᠭ᠎ᠠ ᠪᠠᠷ ᠰᠢᠯᠭᠠᠭᠤᠯᠬᠤ ᠲᠤᠰᠬᠠᠢ ᠮᠡᠷᠭᠡᠵᠢᠯ ᠪᠣᠯᠣᠨ᠎ᠠ᠂ ᠨᠡᠶᠢᠭᠡᠮ ᠤᠨ ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠶᠢ ᠭᠥᠯᠢᠶᠡᠨ ᠠᠪᠬᠤ ᠦᠭᠡᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠤᠷᠢᠳᠴᠢᠯᠠᠨ ᠨᠡᠷ᠎ᠡ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠤ  ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠬᠢᠷᠢ ᠭᠡᠮ ᠢ ᠬᠢᠨᠠᠨ ᠬᠠᠷᠭᠤᠭᠤᠯᠤᠨ᠎ᠠ᠃ ᠰᠢᠯᠭᠠᠭᠤᠯᠤᠭᠰᠠᠳ 2 ᠰᠠᠷ᠎ᠠ ᠶᠢᠨ 24 ᠤ 9 ᠴᠠᠭ ᠠᠴᠠ 2 ᠰᠠᠷ᠎ᠠ ᠶᠢᠨ 26 ᠤ 17 ᠴᠠᠭ ᠪᠤᠯᠲᠠᠯ᠎ᠠ ᠨᠡᠷ᠎ᠡ ᠮᠡᠳᠡᠭᠦᠯᠦᠭᠰᠡᠨ ᠪᠠᠶᠢᠨ᠎ᠠ᠃ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠤᠬᠠᠭᠠᠨ ︵ᠲᠤᠰᠬᠠᠢ ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠤ︶ ᠤ ᠲᠤᠰᠬᠠᠢ ᠮᠡᠷᠭᠡᠵᠢᠯ ᠤᠨ ᠰᠢᠨ᠎ᠡ ᠰᠢᠯᠭᠠᠭᠤᠯᠤᠭᠴᠢ ᠠᠩᠬ᠎ᠠ ᠤᠳᠠᠭ᠎ᠠ ᠨᠡᠷ᠎ᠡ ᠮᠡᠳᠡᠭᠦᠯᠪᠡᠯ ᠡᠷᠬᠡᠪᠰᠢ ᠡᠨᠡ ᠬᠤᠭᠤᠴᠠᠭᠠᠨ ᠳᠤ ᠰᠦᠯᠵᠢᠶᠡᠨ ᠳᠡᠭᠡᠷ᠎ᠡ ᠳᠠᠩᠰᠠᠯᠠᠭᠤᠯᠤᠭᠰᠠᠨ ᠪᠠᠶᠢᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号