︵ᠰᠤᠷᠪᠤᠯᠵᠢᠯᠠᠭᠴᠢ ᠴᠢ ᠰᠢᠶᠣᠣ ᠶᠠᠨ︶ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ | ᠲᠣᠭᠤᠷᠢᠨ ᠢ ᠪᠤᠢ ᠪᠣᠯᠭᠠᠬᠤ ᠪᠣᠯ ᠪᠦᠬᠦ ᠨᠡᠶᠢᠭᠡᠮ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠃ 2025 ᠣᠨ ᠳᠤ᠂ | ᠬᠥᠬᠡᠬᠤᠲᠠ ᠡᠯ᠎ᠡ ᠱᠠᠲᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠢᠨ ᠲᠣᠭᠤᠷᠢᠨ ᠳᠤ᠂ ᠨᠠᠩ ᠰᠠᠨᠠᠭ᠎ᠠ ᠠᠮᠤᠷ | ᠬᠠᠨᠤᠮᠵᠢᠲᠠᠢ ᠬᠡᠷᠡᠭᠯᠡᠭᠡᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ | ᠨᠢᠭᠡ ᠳᠤ᠂ ᠶᠠᠰᠤ ᠴᠢᠨᠠᠷ ᠢ ᠳᠡᠰ ᠳᠡᠪᠰᠢᠭᠦᠯᠬᠦ ᠪᠠᠷ ᠬᠡᠷᠡᠭᠯᠡᠭᠡ ᠶᠢᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ | ᠬᠥᠲᠥᠯᠥᠨ ᠳᠠᠭᠠᠭᠤᠯᠤᠨ᠎ᠠ᠃ ᠭᠡᠷ ᠤᠨ ᠴᠠᠬᠢᠯᠭᠠᠨ ᠬᠡᠷᠡᠭᠰᠡᠯ᠂ ᠮᠠᠰᠢᠨ ᠲᠡᠷᠭᠡ ᠵᠡᠷᠭᠡ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠦᠷᠭᠦᠯᠵᠢᠯᠡᠨ ᠠᠬᠢᠭᠤᠯᠵᠤ᠂ ᠵᠠᠬᠢᠶᠠᠯᠠᠭᠰᠠᠨ ᠬᠡᠷᠡᠭᠯᠡᠭᠡ᠂ ᠣᠶᠤᠨᠲᠤ | ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ ᠵᠡᠷᠭᠡ ᠰᠢᠨ᠎ᠡ ᠬᠠᠯᠠᠮᠰᠢᠯ ᠴᠡᠭ ᠢ ᠬᠥᠮᠥᠵᠢᠭᠦᠯᠦᠨ᠂ ᠣᠯᠠᠨ ᠡᠰᠢᠲᠦ | ᠬᠡᠷᠡᠭᠯᠡᠭᠡ ᠶᠢ ᠭᠦᠨᠵᠡᠭᠡᠢ ᠥᠷᠭᠡᠳᠬᠡᠵᠦ᠂ ︽ᠥᠪᠥᠷ ᠮᠣᠩᠭᠤᠯ ᠲᠡᠮᠳᠡᠭᠲᠦ︾ ᠶᠢᠨ ᠨᠠᠷᠠᠲᠤ ᠲᠡᠮᠳᠡᠭᠲᠦ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠣᠷᠣᠨ ᠤ ᠲᠥᠪ ᠬᠤᠲᠠ ᠶᠢ ᠴᠢᠨᠠᠷ ᠰᠠᠶᠢᠲᠠᠢ ᠲᠠᠸᠠᠷ ᠬᠢᠭᠡᠳ | ᠦᠢᠯᠡᠴᠢᠯᠡᠭᠡᠨ ᠤ ᠲᠥᠪᠯᠡᠷᠡᠭᠰᠡᠨ ᠥᠨᠳᠦᠷᠯᠢᠭ ᠭᠠᠵᠠᠷ ᠪᠣᠯᠭᠠᠬᠤ ᠪᠠᠷ ᠴᠢᠷᠮᠠᠶᠢᠨ᠎ᠠ᠃ ᠬᠤᠶᠠᠷ ᠲᠤ᠂ ᠲᠣᠭᠲᠠᠴᠠ ᠶᠢᠨ | ᠰᠢᠨ᠎ᠡ ᠶᠢ ᠡᠭᠦᠳᠬᠦ ᠪᠠᠷ ᠬᠡᠷᠡᠭᠯᠡᠭᠡ ᠶᠢᠨ ᠪᠦᠬᠦ ᠶᠠᠪᠤᠴᠠ ᠶᠢ ᠪᠠᠲᠤᠯᠠᠨ᠎ᠠ᠃ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ | ᠰᠢᠨ᠎ᠡ ᠬᠠᠨᠳᠤᠰᠢ ᠰᠢᠨ᠎ᠡ ᠥᠷᠢᠰᠦᠯᠳᠦᠭᠡᠨ ᠢ ᠲᠣᠬᠢᠲᠠᠢ ᠠᠷᠭᠠᠴᠠᠵᠤ᠂ ᠬᠡᠷᠡᠭᠯᠡᠭᠡ ᠶᠢᠨ ᠵᠢᠭᠤᠷᠠᠯᠳᠤᠭᠠᠨ ᠢ ᠣᠯᠠᠨ | ᠡᠰᠢᠵᠢᠭᠦᠯᠦᠨ ᠰᠢᠢᠳᠪᠦᠷᠢᠯᠡᠬᠦ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠵᠠᠭᠠᠯᠳᠤᠯᠭ᠎ᠠ ᠬᠢᠵᠦ ᠡᠷᠬᠡ ᠪᠠᠨ | ᠬᠠᠮᠠᠭᠠᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ ︽ᠵᠠᠭᠠᠯᠳᠤᠯᠭ᠎ᠠ ᠬᠢᠬᠦ ᠵᠠᠮ ᠲᠠᠢ᠂ ᠥᠨᠳᠥᠷ ᠦᠷ᠎ᠡ | ᠪᠦᠲᠦᠮᠵᠢᠲᠡᠢ ᠰᠢᠢᠳᠪᠦᠷᠢᠯᠡᠬᠦ︾ ᠶᠢ ᠣᠷᠣᠨ ᠤ ᠲᠥᠪ ᠬᠤᠲᠠ ᠶᠢᠨ ᠬᠡᠷᠡᠭᠯᠡᠭᠡ ᠶᠢᠨ ᠣᠷᠴᠢᠨ ᠲᠣᠭᠤᠷᠢᠨ ᠤ ᠢᠯᠡ | ᠲᠣᠳᠣ ᠲᠡᠮᠳᠡᠭ ᠪᠣᠯᠭᠠᠨ᠎ᠠ᠃ ᠢᠳᠡᠭᠡᠨ ᠤ ᠠᠮᠤᠷ ᠲᠦᠪᠰᠢᠨ ᠢᠶᠠᠷ ᠰᠢᠪᠲᠤᠯᠤᠯᠲᠠ ᠪᠣᠯᠭᠠᠵᠤ᠂ ᠢᠳᠡᠭᠡᠨ ᠤᠮᠳᠠᠭᠠᠨ ᠤ | ᠠᠮᠤᠷ ᠲᠦᠪᠰᠢᠨ ᠢ ᠬᠠᠮᠠᠭᠠᠯᠠᠨ᠎ᠠ᠃ ᠭᠤᠷᠪᠠ ᠳᠤ᠂ ᠨᠡᠶᠢᠭᠡᠮ ᠨᠡᠶᠢᠲᠡ ᠬᠠᠮᠲᠤ ᠪᠠᠷ ᠵᠠᠰᠠᠵᠤ᠂ ᠡᠳ᠋ᠯᠡᠬᠦ᠂ ᠪᠠᠶᠢᠭᠤᠯᠬᠤ ᠪᠠᠷ | ᠴᠢᠨᠠᠷ ᠰᠠᠶᠢᠲᠠᠢ ᠬᠡᠷᠡᠭᠯᠡᠭᠡᠨ ᠤ ᠠᠮᠢ ᠠᠬᠤᠢ ᠶᠢ ᠴᠣᠭᠴᠠᠯᠠᠨ᠎ᠠ᠃ ᠣᠯᠠᠨ ᠬᠡᠯᠪᠡᠷᠢ ᠶᠢᠨ ᠠᠵᠢᠯᠯᠠᠭ᠎ᠠ ᠪᠠᠷ ᠳᠠᠮᠵᠢᠭᠤᠯᠤᠨ᠂ | ᠰᠠᠯᠠᠭ᠎ᠠ ᠮᠥᠴᠢᠷ ᠤᠳ ᠬᠤᠯᠪᠤᠭᠠᠯᠠᠨ ᠬᠥᠳᠡᠯᠦᠯᠴᠡᠬᠦ᠂ ᠠᠵᠢᠯ ᠲᠥᠷᠥᠯ ᠤᠨ ᠬᠢᠨ ᠥᠪᠡᠷ ᠢ ᠪᠠᠨ ᠱᠠᠭᠠᠷᠳᠠᠬᠤ᠂ | ᠣᠯᠠᠨ ᠨᠡᠶᠢᠲᠡ ᠪᠠᠷ ᠢᠶᠠᠨ ᠣᠷᠣᠯᠴᠠᠬᠤ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ︽ᠵᠠᠰᠠᠭ ᠤᠨ | ᠣᠷᠳᠣᠨ ᠬᠢᠨᠠᠨ ᠬᠠᠮᠢᠶᠠᠷᠬᠤ+ ᠨᠡᠶᠢᠭᠡᠮ ᠬᠢᠨᠠᠯᠲᠠ ᠲᠠᠯᠪᠢᠬᠤ+ ᠠᠵᠤ ᠠᠬᠤᠶᠢᠯᠠᠯ ᠤᠨ ᠥᠪᠡᠷᠲᠡᠭᠡᠨ ᠵᠠᠰᠠᠬᠤ︾ | ᠶᠢᠨ ᠪᠣᠰᠤᠭ᠎ᠠ ᠴᠣᠭᠴᠠᠲᠤ ᠡᠷᠬᠡ ᠪᠠᠨ ᠬᠠᠮᠠᠭᠠᠯᠠᠬᠤ ᠪᠠᠶᠢᠷᠢᠰᠢᠯ ᠢ ᠪᠠᠶᠢᠭᠤᠯᠬᠤ ᠶᠢ ᠠᠬᠢᠭᠤᠯᠤᠨ᠎ᠠ᠃ | ᠥᠩᠭᠡᠷᠡᠭᠰᠡᠨ ᠨᠢᠭᠡ ᠵᠢᠯ ᠳᠤ᠂ ᠬᠥᠬᠡᠬᠤᠲᠠ ᠨᠢᠭᠡ ᠬᠤᠪᠢ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠬᠠᠨᠤᠮᠵᠢᠲᠠᠢ | ᠬᠠᠷᠢᠭᠤᠯᠲᠠ ᠶᠢᠨ ᠬᠠᠭᠤᠳᠠᠰᠤ ᠶᠢ ᠲᠤᠰᠢᠶᠠᠵᠠᠢ᠄ ᠡᠷᠬᠡ ᠪᠠᠨ ᠬᠠᠮᠠᠭᠠᠯᠠᠬᠤ 103 ᠥᠷᠲᠡᠭᠡ ᠴᠡᠭ ᠨᠢ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃ | 12315 ᠲᠠᠪᠴᠠᠩ 62641 ᠬᠤᠪᠢ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ᠂ | ᠬᠡᠷᠡᠭᠯᠡᠭᠴᠢᠳ ᠲᠤ 1134 ᠲᠦᠮᠡ ᠭᠠᠷᠤᠢ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ | ᠠᠪᠴᠢᠷᠠᠪᠠ᠃ 436 ᠡᠷᠦᠬᠡ ᠰᠢᠯᠲᠠᠭᠠᠨ ᠦᠭᠡᠢ ᠪᠠᠷ ᠪᠤᠴᠠᠭᠠᠬᠤ ᠳᠡᠯᠭᠡᠭᠦᠷ ᠨᠢ ᠠᠵᠢᠯ ᠲᠥᠷᠥᠯ ᠤᠨ ᠬᠡᠪ | ᠳᠠᠭᠤᠷᠢᠶᠠᠯ ᠢ ᠪᠣᠶ ᠪᠣᠯᠭᠠᠵᠤ᠂ ︽ᠢᠯᠡ ᠲᠣᠳᠣ ᠬᠤᠳᠠᠯᠳᠤᠨ ᠠᠪᠴᠤ᠂ ᠰᠢᠭᠤᠳ ᠪᠤᠴᠠᠭᠠᠬᠤ︾ ᠶᠢ ᠰᠢᠨ᠎ᠡ ᠬᠡᠪ | ᠪᠠᠶᠢᠳᠠᠯ ᠪᠣᠯᠭᠠᠵᠠᠢ᠃ ᠤᠷᠢᠳᠴᠢᠯᠠᠨ ᠥᠭᠬᠦ ᠮᠠᠶ᠋ᠢᠭ ᠤᠨ ᠬᠡᠷᠡᠭᠯᠡᠭᠡᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠨᠢ | ᠣᠯᠠᠨ ᠲᠦᠮᠡᠨ ᠳᠤ 477.8 ᠲᠦᠮᠡᠨ ᠲᠥᠭᠦᠷᠢᠭ ᠤᠨ ᠬᠤᠬᠢᠷᠠᠯ ᠢ ᠡᠭᠡᠭᠦᠯᠦᠨ ᠠᠪᠴᠢᠷᠠᠵᠤ᠂ ︽ᠤᠷᠭᠤᠨ | ᠳᠤᠲᠠᠭᠠᠬᠤ ᠠᠵᠤ ᠠᠬᠤᠶᠢᠯᠠᠯ︾ ᠢ ᠬᠥᠬᠡᠬᠤᠲᠠ ᠳᠤ ᠢᠯᠡᠷᠡᠬᠦ ᠦᠭᠡᠢ ᠪᠣᠯᠭᠠᠵᠠᠢ᠃ | |