ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠤᠰᠬᠠᠢ ᠵᠦᠢᠯ ᠤᠨ ︽ᠰᠠᠭᠠᠯᠢ ᠳᠤ ᠬᠡᠷᠡᠭᠯᠡᠬᠦ ᠣᠷᠣᠨ ᠨᠤᠲᠤᠭ ᠤᠨ ᠡᠭᠦᠯᠳᠡᠷ ᠤᠨ ᠠᠳᠤᠭᠤ ᠶᠢ ᠥᠨᠳᠥᠷ ᠪᠦᠲᠦᠮᠵᠢᠲᠡᠶ ᠪᠠᠷ ᠲᠡᠵᠢᠭᠡᠨ ᠦᠷᠡᠵᠢᠭᠦᠯᠬᠦ ᠵᠠᠭᠪᠤᠷ ᠢ ᠰᠤᠳᠤᠯᠬᠤ ᠵᠢᠴᠢ ᠵᠢᠱᠢᠶ᠎ᠡ ᠦᠵᠡᠭᠦᠯᠦᠨ ᠳᠡᠯᠭᠡᠷᠡᠭᠦᠯᠬᠦ︾ ᠲᠥᠷᠥᠯ ᠵᠦᠢᠯ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2025/3/19
    ︵ᠰᠤᠷᠪᠤᠯᠵᠢᠯᠠᠭᠴᠢ ᠦ᠋ ᠽᠢ ᠰᠢᠤᠸᠠᠨ︶ 3 ᠳ᠋ᠤᠭᠠᠷ ᠰᠠᠷ᠎ᠠ ᠶᠢᠨ 17 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠮᠠᠯ ᠵᠢᠭᠦᠷᠲᠡᠨ ᠤ ᠰᠢᠨ᠎ᠡ ᠡᠭᠦᠯᠳᠡᠷ ᠢ ᠪᠣᠶᠢᠵᠢᠭᠤᠯᠬᠤ ᠬᠢᠭᠡᠳ ᠣᠲᠣ ᠦᠶ᠎ᠡ ᠶᠢᠨ ᠮᠠᠯᠵᠢᠯ ᠤᠨ ᠲᠠᠯᠠᠪᠠᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ︾ ᠭᠤᠣᠯᠳᠠᠯᠭ᠎ᠠ ᠲᠠᠢ ᠲᠤᠰᠬᠠᠢ ᠵᠦᠢᠯ ᠤᠨ ︽ᠰᠠᠭᠠᠯᠢ ᠳᠤ ᠬᠡᠷᠡᠭᠯᠡᠬᠦ  ᠣᠷᠣᠨ ᠨᠤᠲᠤᠭ ᠤᠨ ᠡᠭᠦᠯᠳᠡᠷ ᠤᠨ ᠠᠳᠤᠭᠤ ᠶᠢ ᠥᠨᠳᠥᠷ ᠪᠦᠲᠦᠮᠵᠢᠲᠡᠶ ᠪᠠᠷ ᠲᠡᠵᠢᠭᠡᠨ ᠦᠷᠡᠵᠢᠭᠦᠯᠬᠦ ᠵᠠᠭᠪᠤᠷ ᠢ ᠰᠤᠳᠤᠯᠬᠤ ᠵᠢᠴᠢ ᠵᠢᠱᠢᠶ᠎ᠡ ᠦᠵᠡᠭᠦᠯᠦᠨ ᠳᠡᠯᠭᠡᠷᠡᠭᠦᠯᠬᠦ︾ ᠲᠥᠷᠥᠯ ᠵᠦᠢᠯ ᠢ ᠨᠢᠭᠡᠨᠲᠡ ᠣᠷᠣᠨ ᠤ ᠲᠥᠪ ᠲᠤ ᠡᠬᠢᠯᠡᠭᠦᠯᠪᠡ᠃ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠰᠠᠭᠠᠯᠢ ᠶᠢᠨ ᠠᠳᠤᠭᠤᠨ ᠤ ᠠᠵᠤ ᠦᠢᠯᠡᠰ ᠤᠨ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠰᠠᠭᠠᠯᠢ ᠶᠢᠨ ᠠᠳᠤᠭᠤᠨ ᠤ ᠠᠵᠤ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠣᠯᠭᠤᠬᠤ ᠪᠣᠯᠣᠨ᠎ᠠ᠃           ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠰᠤᠳᠤᠯᠭᠠᠨ ᠤ ᠦᠷ᠎ᠡ ᠪᠦᠲᠦᠭᠡᠯ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠲᠥᠷᠥᠯ ᠵᠦᠢᠯ ᠢ ᠪᠠᠶᠢᠭᠤᠯᠬᠤ ᠪᠠᠷ ᠲᠠᠨᠢᠯᠴᠠᠭᠤᠯᠤᠨ ᠵᠥᠪᠰᠢᠶᠡᠷᠡᠭᠦᠯᠪᠡ᠃ ᠲᠥᠷᠥᠯ ᠵᠦᠢᠯ ᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠦᠷᠦᠭᠦᠯᠡᠨ᠂ ᠴᠢᠩᠳᠣᠣ ᠶᠢᠨ ᠲᠠᠷᠢᠶᠠᠯᠠᠩ ᠤᠨ ᠶᠡᠭᠡ ᠰᠤᠷᠭᠠᠭᠤᠯᠢ᠂ ᠱᠧᠨᠶᠠᠩ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠬᠤᠸᠠ ᠵᠥᠩ ᠲᠠᠷᠢᠶᠠᠯᠠᠩ ᠤᠨ ᠶᠡᠭᠡ ᠰᠤᠷᠭᠠᠭᠤᠯᠢ᠂ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠪᠥᠬᠦ ᠤᠯᠤᠰ ᠤᠨ ᠠᠳᠤᠭᠤᠨ ᠲᠥᠷᠥᠯ ᠤᠨ ᠠᠮᠢᠲᠠᠨ ᠤ ᠰᠤᠳᠤᠯᠭᠠᠨ ᠤ 11 ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠪᠠ 5 ᠳᠠᠪᠠᠭᠤᠯᠢᠭ ᠠᠵᠤ ᠠᠬᠤᠶᠢᠯᠠᠯ ᠬᠠᠮᠲᠤᠷᠠᠨ ᠬᠡᠷᠡᠭᠵᠢᠭᠦᠯᠦᠨ᠎ᠡ᠃ ᠲᠥᠷᠥᠯ ᠵᠦᠢᠯ ᠨᠢ ︽ᠰᠦ ᠶᠢᠨ ᠯᠣᠩᠬᠤ︾  ᠶᠢᠨ ᠳᠣᠲᠣᠷᠠᠬᠢ ᠣᠨᠴᠠᠯᠢᠭᠲᠤ ᠠᠳᠤᠭᠤᠨ ᠤ ᠴᠠᠭᠠᠨ ᠢᠳᠡᠭᠡᠨ ᠤ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠭᠤᠣᠯ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠮᠠᠨ ᠤ ᠤᠯᠤᠰ ᠤᠨ ᠰᠠᠭᠠᠯᠢ ᠳᠤ ᠬᠡᠷᠡᠭᠯᠡᠬᠦ ᠣᠷᠣᠨ ᠨᠤᠲᠤᠭ ᠤᠨ ᠡᠭᠦᠯᠳᠡᠷ ᠤᠨ ᠠᠳᠤᠭᠤ ᠶᠢᠨ ᠦᠢᠯᠡᠳᠪᠦᠷᠢᠯᠡᠯ ᠤᠨ ᠣᠳᠣᠬᠢ ᠪᠠᠶᠢᠳᠠᠯ ᠵᠢᠴᠢ ᠮᠡᠷᠭᠡᠵᠢᠯ ᠤᠨ ᠪᠣᠭᠤᠮᠢ ᠶᠢ ᠲᠣᠳᠣᠷᠬᠠᠢ ᠣᠶᠢᠯᠠᠭᠠᠭᠰᠠᠨ ᠰᠠᠭᠤᠷᠢᠨ ᠳᠡᠭᠡᠷ᠎ᠡ᠂ ᠪᠡᠯᠴᠢᠭᠡᠷᠯᠡᠭᠦᠯᠦᠨ ᠮᠠᠯᠵᠢᠬᠤ+ ᠲᠡᠵᠢᠭᠡᠯ ᠨᠥᠬᠦᠪᠦᠷᠢᠯᠡᠬᠦ ᠡᠬᠡ ᠨᠢᠯᠬ᠎ᠠ ᠶᠢ ᠨᠢᠭᠡ ᠴᠣᠭᠴᠠᠵᠢᠭᠤᠯᠤᠭᠰᠠᠨ ᠰᠢᠮ᠎ᠡ ᠲᠡᠵᠢᠭᠡᠯ ᠤᠨ ᠲᠣᠬᠢᠷᠠᠭᠤᠯᠤᠯ ᠡᠵᠡᠮᠳᠡᠯ ᠵᠢᠴᠢ ᠠᠳᠤᠭᠤᠨ ᠤ ᠡᠷᠲᠡ ᠬᠤᠭᠤᠴᠠᠭᠠᠨ ᠤ ᠰᠦ ᠲᠠᠰᠤᠯᠬᠤ ᠮᠡᠷᠭᠡᠵᠢᠯ ᠢ ᠰᠤᠳᠤᠯᠤᠨ ᠡᠭᠦᠳᠴᠦ᠂ ᠰᠠᠭᠠᠯᠢ ᠶᠢᠨ ᠠᠳᠤᠭᠤ ᠶᠢ ᠥᠨᠳᠥᠷ ᠪᠦᠲᠦᠮᠵᠢᠲᠡᠶ ᠪᠠᠷ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠮᠡᠷᠭᠡᠵᠢᠯ ᠤᠨ ᠵᠠᠭᠪᠤᠷ ᠢ ᠪᠠᠶᠢᠭᠤᠯᠬᠤ ᠶᠢᠨ ᠬᠠᠮᠲᠤ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠰᠠᠭᠠᠯᠢ ᠳᠤ ᠬᠡᠷᠡᠭᠯᠡᠬᠦ ᠣᠷᠣᠨ ᠨᠤᠲᠤᠭ ᠤᠨ ᠡᠭᠦᠯᠳᠡᠷ ᠤᠨ ᠠᠳᠤᠭᠤ ᠶᠢ ᠲᠡᠵᠢᠭᠡᠨ ᠦᠷᠡᠵᠢᠭᠦᠯᠬᠦ ᠦᠷ᠎ᠡ ᠠᠰᠢᠭ ᠢᠶᠠᠷ ᠳᠣᠣᠷ᠎ᠠ᠂ ᠦᠢᠯᠡᠳᠪᠦᠷᠢᠯᠡᠬᠦ ᠴᠢᠳᠠᠮᠵᠢ ᠪᠠᠷ ᠠᠨᠠᠢ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠰᠠᠭᠠᠯᠢ ᠶᠢᠨ ᠠᠳᠤᠭᠤ ᠶᠢ ᠥᠨᠳᠥᠷ ᠪᠦᠲᠦᠮᠵᠢᠲᠡᠶ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠳᠡᠯᠭᠡᠷᠡᠭᠦᠯᠬᠦ ᠵᠠᠭᠪᠤᠷ ᠢ ᠪᠣᠶ ᠪᠣᠯᠭᠠᠵᠤ᠂ ᠰᠠᠭᠠᠯᠢ ᠶᠢᠨ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠦᠷᠭᠦᠯᠵᠢᠯᠡᠨ ᠬᠥᠭᠵᠢᠬᠦ ᠶᠢ ᠪᠡᠶᠡᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号