ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ · ᠰᠢ ᠴᠠ ᠹᠠᠩ  ᠨᠡᠶᠢᠭᠡᠮ ᠲᠣᠭᠤᠷᠢᠭ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/20
    ᠬᠠᠪᠤᠷ ᠤᠨ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠭᠠᠩ ᠬᠠᠭᠤᠷᠠᠢ᠂ ᠠᠮᠤᠷ  ᠲᠦᠪᠰᠢᠨ ᠤ ᠳᠠᠯᠳᠠ ᠭᠡᠮ ᠴᠦ ᠤᠯᠠᠮ ᠠᠴᠠ ᠤᠯᠠᠮ ᠠᠷᠪᠢᠨ ᠪᠣᠯᠵᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠬᠡᠷᠡᠭᠲᠡᠢ᠂ ᠬᠡᠦᠬᠡᠳ  ᠤᠨ ᠭᠠᠯ ᠰᠡᠷᠭᠡᠶᠢᠯᠡᠬᠦ ᠠᠮᠤᠷ  ᠲᠦᠪᠰᠢᠨ ᠤ ᠤᠬᠠᠮᠰᠠᠷ ᠢ  ᠴᠢᠩᠭᠠᠳᠬᠠᠵᠤ᠂ ᠬᠡᠦᠬᠡᠳ ᠦᠨ ᠠᠶᠤᠯ ᠠᠴᠠ ᠵᠠᠶᠢᠯᠠᠬᠤ ᠴᠢᠳᠠᠪᠤᠷᠢ ᠶᠢ  ᠳᠡᠭᠡᠭᠰᠢᠯᠡᠭᠦᠯᠬᠦ ᠶᠢᠨ ᠲᠥᠯᠥᠭᠡ᠂ ᠬᠤᠲᠣᠩ ᠠᠷᠠᠳ ᠤᠨ ᠲᠣᠭᠤᠷᠢᠭ ᠤᠨ ᠬᠤᠸᠠᠨ ᠾᠧ ᠵᠡᠭᠡᠯᠢ ᠶᠢᠨ  ᠰᠢ ᠴᠠ ᠹᠠᠩ ᠨᠡᠶᠢᠭᠡᠮ ᠲᠣᠭᠤᠷᠢᠭ ᠴᠢᠩ ᠱᠦᠢ ᠸᠠᠨ ᠬᠡᠦᠬᠡᠳ ᠦᠨ ᠴᠡᠴᠡᠷᠯᠢᠭ ᠬᠠᠮᠲᠤᠷᠠᠨ ᠭᠠᠯ ᠤᠨᠲᠠᠷᠠᠭᠠᠬᠤ ᠠᠮᠤᠷ  ᠲᠦᠪᠰᠢᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃     ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠰᠣᠨᠢᠷᠬᠠᠬᠤ ᠪᠠᠷ ᠳᠠᠮᠵᠢᠭᠤᠯᠤᠨ ᠬᠡᠦᠬᠡᠳ ᠤᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠠᠮᠢᠳᠤᠯᠢᠭ ᠬᠢᠴᠢᠶᠡᠯ ᠣᠷᠣᠪᠠ᠃ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ︽ᠠᠮᠤᠷ ᠲᠦᠪᠰᠢᠨ ᠤ ᠵᠢᠯᠣᠭᠤᠳᠤᠭᠴᠢ ᠪᠠᠭᠰᠢ︾ ᠪᠣᠯᠵᠤ᠂ ᠺᠠᠷᠲ᠋ᠣᠨ ᠤ ᠬᠡᠷᠡᠯ ᠵᠢᠷᠤᠭ ᠢ ᠠᠰᠢᠭᠯᠠᠨ ᠭᠤᠣᠯᠳᠠᠭᠤ ᠪᠢᠴᠢᠬᠠᠨ ᠨᠠᠶᠢᠵᠠ ᠨᠠᠷ ᠲᠤ ᠭᠠᠯ ᠤᠨ ᠭᠠᠮᠰᠢᠭ ᠤᠨ ᠬᠤᠣᠷ ᠬᠥᠨᠥᠭᠡᠯ᠂ ᠭᠠᠯ ᠤᠨ ᠭᠠᠮᠰᠢᠭ ᠤᠨ ᠰᠢᠯᠲᠠᠭᠠᠨ᠂ ᠭᠠᠯ ᠤᠨ ᠭᠠᠮᠰᠢᠭ ᠢ ᠰᠡᠷᠭᠡᠶᠢᠯᠡᠬᠦ ᠠᠷᠭ᠎ᠠ᠂ ᠲᠦᠭᠰᠢᠭᠦᠷᠢ ᠮᠡᠳᠡᠭᠦᠯᠬᠦ ᠭᠤᠣᠯᠳᠠᠯᠭ᠎ᠠ ᠪᠠ ᠬᠡᠷᠬᠢᠨ ᠵᠥᠪ ᠣᠨᠣᠪᠴᠢᠲᠠᠶ ᠠᠮᠢ ᠵᠢᠭᠤᠲᠠᠬᠤ ᠲᠤᠬᠠᠢ ᠲᠠᠶᠢᠯᠪᠤᠷᠢᠯᠠᠨ ᠥᠭᠪᠡ᠃ ︽ᠬᠤᠸᠠᠷ ᠫᠤᠤᠵᠢᠩ᠂ ᠰᠢᠲᠠᠮᠠᠬᠠᠢ ᠬᠡᠢ᠂ ᠨᠣᠴᠣᠮᠠᠲᠠᠭᠠᠢ ᠪᠣᠳᠠᠰ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠳᠦᠷᠢᠮ ᠢᠶᠠᠷ ᠴᠠᠬᠢᠯᠭᠠᠨ ᠴᠡᠨᠡᠭᠯᠡᠬᠦ ᠵᠡᠷᠭᠡ ᠨᠢ ᠴᠥᠮ ᠭᠠᠯ ᠤᠨ ᠠᠶᠤᠯ ᠭᠠᠷᠴᠤ ᠪᠣᠯᠣᠨ᠎ᠠ᠂ ᠪᠢᠴᠢᠬᠠᠨ ᠨᠠᠶᠢᠵᠠ ᠨᠠᠷ ᠡᠷᠬᠡᠪᠰᠢ ᠡᠲᠡᠭᠡᠷ ᠲᠦᠭᠰᠢᠭᠦᠷᠢ ᠠᠴᠠ ᠬᠤᠯᠠ ᠪᠠᠶᠢᠬᠤ ᠬᠡᠷᠡᠭᠲᠡᠢ︾ ᠭᠡᠵᠡᠢ᠃ ︽ᠭᠠᠯ ᠤᠨ ᠠᠶᠤᠯ ᠢ ᠣᠯᠵᠤ ᠮᠡᠳᠡᠪᠡᠯ ᠴᠠᠭ ᠲᠤᠬᠠᠢ ᠳᠤᠨᠢ ᠲᠣᠮᠣ ᠬᠥᠮᠥᠨ ᠢ ᠬᠠᠪᠰᠤᠷᠴᠤ᠂ 119 ᠤᠲᠠᠰᠤᠳᠠᠬᠤ᠂ ᠨᠣᠶᠢᠲᠠᠨ ᠠᠯᠴᠢᠭᠤᠷ ᠢᠶᠠᠷ ᠬᠠᠮᠠᠷ ᠢ ᠪᠢᠲᠡᠭᠦᠯᠡᠵᠦ᠂ ᠨᠢᠷᠤᠭᠤ ᠪᠠᠷ ᠢᠶᠠᠨ ᠬᠡᠷᠡᠮ ᠢ ᠲᠦᠰᠢᠨ ᠡᠮᠬᠢ ᠵᠢᠷᠤᠮ ᠲᠠᠢ ᠪᠠᠷ ᠠᠮᠢ ᠵᠢᠭᠤᠲᠠᠬᠤ ᠵᠡᠷᠭᠡ ᠠᠮᠢ ᠵᠢᠭᠤᠲᠠᠬᠤ ᠤᠷ᠎ᠠ ᠮᠡᠷᠭᠡᠵᠢᠯ ᠢ ᠡᠵᠡᠮᠰᠢᠪᠡ︾᠃ ᠬᠡᠦᠬᠡᠳ ‍ᠤᠳᠰᠠᠶᠢᠨ ᠳᠤᠷ᠎ᠠ ᠶᠢᠨ ᠦᠢᠯᠡᠴᠢᠯᠡᠭᠴᠢᠳ ᠤᠨ ᠵᠢᠯᠣᠭᠤᠳᠤᠯᠭ᠎ᠠ ᠳᠣᠣᠷ᠎ᠠ᠂ ᠭᠠᠯ ᠤᠨᠲᠠᠷᠠᠭᠠᠬᠤ ᠠᠮᠤᠷ ᠲᠦᠪᠰᠢᠨ ᠤ ᠬᠤᠯᠪᠣᠭᠳᠠᠯ ᠪᠦᠬᠦᠢ ᠠᠭᠤᠯᠭ᠎ᠠ ᠶᠢ ᠴᠡᠭᠡᠵᠢᠯᠡᠵᠦ᠂ ᠵᠠᠷᠢᠮ ᠪᠢᠴᠢᠬᠠᠨ ᠨᠠᠶᠢᠵᠠ ᠨᠠᠷ ᠪᠠᠰᠠ ᠭᠠᠯ ᠤᠨ ᠰᠣᠶᠤᠭ᠎ᠠ ᠠᠴᠠ ᠵᠠᠶᠢᠳᠠᠬᠤ᠂ ᠴᠠᠭ ᠲᠤᠬᠠᠢ ᠳᠤᠨᠢ ᠴᠠᠭᠳᠠᠭ᠎ᠠ ᠳᠤ ᠮᠡᠳᠡᠭᠦᠯᠬᠦ᠂ ᠨᠣᠴᠣᠮᠠᠲᠠᠭᠠᠢ ᠪᠣᠳᠠᠰ ᠠᠴᠠ ᠵᠠᠶᠢᠳᠠᠬᠤ᠂ ᠠᠮᠤᠷ ᠲᠦᠪᠰᠢᠨ ᠤ ᠵᠠᠮ ᠡᠷᠢᠬᠦ᠂ ᠵᠢᠯᠣᠭᠤᠳᠤᠯᠭ᠎ᠠ ᠶᠢ ᠰᠣᠨᠣᠰᠴᠤ ᠳᠤᠷ᠎ᠠ ᠪᠠᠷ ᠢᠶᠠᠨ ᠭᠦᠶᠦᠬᠦ ᠦᠭᠡᠢ ᠪᠠᠶᠢᠬᠤ ᠶᠢ ᠰᠤᠷᠴᠠᠢ᠃     ᠲᠣᠰ ᠤᠳᠠᠭᠠᠨ ᠤ ᠠᠵᠢᠯᠯᠠᠭ᠎ᠠ ᠳᠤ ᠬᠡᠦᠬᠡᠳ ᠤᠳ ᠬᠠᠯᠠᠭᠤᠨ ᠲᠤᠰᠬᠠᠯ ᠢᠶᠠᠷ ᠪᠢᠯᠬᠠᠵᠤ ᠪᠠᠶᠢᠯ᠎ᠠ᠃ ᠰᠢ ᠴᠠ ᠹᠠᠩ ᠨᠡᠶᠢᠭᠡᠮ ᠲᠣᠭᠤᠷᠢᠭ ᠦᠷᠭᠦᠯᠵᠢᠯᠡᠨ ᠬᠠᠮᠲᠤᠷᠠᠨ ᠬᠥᠳᠡᠯᠦᠯᠴᠡᠵᠦ ᠪᠠᠶᠢᠭᠠᠳ ᠰᠤᠷᠭᠠᠭᠤᠯᠢ ᠣᠯᠠᠨ ᠡᠰᠢᠵᠢᠭᠰᠡᠨ ᠠᠮᠤᠷ ᠲᠦᠪᠰᠢᠨ ᠤ ᠬᠥᠮᠦᠵᠢᠯ ᠤᠨ ᠬᠡᠯᠪᠡᠷᠢ ᠪᠠᠷ ᠳᠠᠮᠵᠢᠭᠤᠯᠤᠨ᠂ ᠪᠢᠴᠢᠬᠠᠨ ᠨᠠᠶᠢᠵᠠ ︽ᠭᠠᠯ ᠤᠨᠲᠠᠷᠠᠭᠠᠬᠤ ᠠᠮᠤᠷ ᠲᠦᠪᠰᠢᠨ ᠤ ᠪᠢᠴᠢᠬᠠᠨ ᠬᠠᠮᠠᠭᠠᠯᠠᠭᠴᠢ︾ ᠪᠣᠯᠵᠤ᠂ ᠬᠠᠷᠠᠬᠠᠨ ᠪᠠᠭ᠎ᠠ ᠠᠴᠠ ᠪᠠᠨ ᠠᠮᠤᠷ ᠲᠦᠪᠰᠢᠨ ᠤ ᠦᠷ᠎ᠡ ᠲᠠᠷᠢᠬᠤ ᠶᠢ ᠵᠣᠷᠢᠭᠵᠢᠭᠤᠯᠤᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号