︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠶᠢᠨ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠡᠨᠡ ᠵᠢᠯ ᠬᠥᠬᠡᠬᠤᠲᠠ ᠶᠡᠭᠡ | ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠥᠷᠥᠯ ᠵᠦᠢᠯ ᠢ 236 ᠨᠥᠭᠡᠴᠡᠯᠡᠵᠦ᠂ ᠲᠥᠷᠥᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ 203 ᠳ᠋ᠦᠩᠰᠢᠭᠤᠷ ᠲᠤ ᠬᠦᠷᠦᠨ᠎ᠡ᠃ | ᠣᠶᠢᠯᠠᠭᠠᠭᠰᠠᠨ ᠢᠶᠠᠷ᠂ ᠤᠯᠤᠰ ᠠᠴᠠ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ | ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ | ᠮᠠᠨ ᠤ ᠬᠤᠲᠠ ᠤᠯᠤᠰ ᠤᠨ ᠲᠥᠷᠥ ᠶᠢᠨ ᠪᠣᠳᠣᠯᠭ᠎ᠠ ᠶᠢᠨ ᠳᠤᠬᠢᠶᠠᠯ ᠢ ᠠᠮᠵᠢᠵᠤ᠂ ᠠᠵᠤ ᠦᠢᠯᠡᠳᠪᠦᠷᠢ᠂ ᠪᠠᠷᠢᠯᠭ᠎ᠠ᠂ | ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠪᠥᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ | ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠥᠷᠥᠯ ᠵᠦᠢᠯ ᠢ ᠢᠳᠡᠪᠬᠢᠲᠡᠢ ᠪᠠᠷ ᠲᠥᠯᠥᠪᠯᠡᠨ | ᠨᠥᠭᠡᠴᠡᠯᠡᠵᠦ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ︽ᠬᠤᠶᠠᠷ ᠰᠢᠨᠡᠴᠢᠯᠡᠬᠦ︾ ᠲᠥᠷᠥ ᠶᠢᠨ | ᠪᠣᠳᠣᠯᠭ᠎ᠠ ᠶᠢ ᠲᠠᠶᠢᠯᠪᠤᠷᠢᠯᠠᠵᠤ᠂ ᠲᠤᠰᠬᠠᠢ ᠨᠢᠭᠤᠷᠲᠠᠨ ᠤᠴᠠᠷᠠᠬᠤ ᠬᠡᠯᠪᠡᠷᠢ ᠪᠠᠷ ᠠᠵᠤ ᠠᠬᠤᠶᠢᠯᠠᠯ ᠳᠤ ᠲᠥᠷᠥ ᠶᠢᠨ | ᠪᠣᠳᠣᠯᠭ᠎ᠠ ᠬᠦᠷᠭᠡᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢ ᠠᠬᠢᠭᠤᠯᠵᠤ᠂ ᠨᠢᠭᠡ ᠨᠢᠭᠡ ᠪᠠᠷ | ᠵᠢᠭᠠᠨ ᠵᠢᠯᠤᠭᠤᠳᠴᠤ ᠲᠥᠷᠥᠯ ᠵᠦᠢᠯ ᠤᠨ ᠮᠡᠳᠡᠭᠦᠯᠦᠯᠲᠡ ᠶᠢ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠲᠥᠷᠥᠯ ᠵᠦᠢᠯ ᠨᠥᠭᠡᠴᠡᠯᠡᠬᠦ ᠶᠢ ᠤᠯᠠᠮ ᠨᠢᠭᠡ ᠠᠯᠬᠤᠮ | ᠴᠢᠩᠭᠠᠳᠬᠠᠵᠤ᠂ ᠲᠥᠷᠥᠯ ᠵᠦᠢᠯ ᠤᠨ ᠮᠡᠳᠡᠭᠦᠯᠦᠯᠲᠡ ᠶᠢ ᠰᠠᠶᠢᠲᠤᠷ ᠬᠢᠵᠦ᠂ ᠲᠥᠷᠥᠯ ᠵᠦᠢᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠨᠥᠭᠡᠴᠡ ᠶᠢᠨ ᠨᠠᠷᠢᠨ ᠬᠠᠭᠤᠳᠠᠰᠤ ᠶᠢ ᠦᠷᠭᠦᠯᠵᠢᠯᠡᠨ | ᠬᠥᠳᠡᠯᠦᠩᠭᠦᠢ ᠪᠠᠷ ᠰᠢᠨᠡᠳᠬᠡᠵᠦ᠂ ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠭᠤᠶᠤᠴᠢᠯᠠᠨ ᠮᠡᠳᠡᠭᠦᠯᠵᠦ᠂ ᠨᠢᠭᠡ | ᠪᠦᠯᠦᠭ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ︽ᠬᠤᠶᠠᠷ ᠰᠢᠨᠡᠴᠢᠯᠡᠬᠦ︾ ᠲᠥᠷᠥᠯ ᠵᠦᠢᠯ ᠤᠨ ᠲᠤᠭ᠎ᠠ ᠬᠡᠮᠵᠢᠶ᠎ᠡ᠂ | ᠶᠠᠰᠤ ᠴᠢᠨᠠᠷ ᠤᠨ ︽ᠬᠤᠣᠰ ᠨᠡᠮᠡᠭᠳᠡᠯ︾ ︽ᠬᠤᠣᠰ ᠳᠡᠭᠡᠭᠰᠢᠯᠡᠯᠲᠡ︾ ᠶᠢ ᠠᠬᠢᠭᠤᠯᠤᠨ᠎ᠠ᠃ |