︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠯᠠᠩ ᠵᠢᠶᠠᠨ︶ 3 ᠳ᠋ᠤᠭᠠᠷ ᠰᠠᠷ᠎ᠠ ᠶᠢᠨ 20 ᠤ ᠡᠳᠦᠷ᠂ | ᠬᠥᠬᠡᠬᠤᠲᠠ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠲᠤᠰᠬᠠᠢ ᠰᠡᠳᠦᠪᠲᠦ | ᠪᠣᠯᠪᠠᠰᠤᠷᠠᠯ ᠤᠨ ᠠᠩᠭᠢ︾ ᠶᠢᠨ ᠰᠤᠷᠤᠯᠭ᠎ᠠ ᠡᠬᠢᠯᠡᠬᠦ ᠶᠣᠰᠣᠯᠠᠯ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ | ᠮᠡᠷᠭᠡᠵᠢᠯ ᠤᠨ ᠰᠤᠷᠭᠠᠭᠤᠯᠢ ᠳᠤ ᠶᠠᠪᠤᠭᠳᠠᠪᠠ᠃ ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠬᠤᠲᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠢᠶᠠᠷ ᠲᠦᠷᠦᠭᠦᠯᠡᠭᠦᠯᠦᠨ᠂ ᠬᠤᠲᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ ᠪᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠠᠯᠠᠭᠤᠴᠤᠳ ᠪᠠᠭᠠᠴᠤᠳ ᠤᠨ | ᠰᠤᠳᠤᠯᠭᠠᠨ ᠤ ᠰᠠᠭᠤᠷᠢᠨ ᠭᠠᠵᠠᠷ ᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ | ᠮᠡᠷᠭᠡᠵᠢᠯ ᠤᠨ ᠰᠤᠷᠭᠠᠭᠤᠯᠢ ᠲᠠᠢ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠵᠠᠯᠠᠭᠤᠴᠤᠳ ᠪᠠᠭᠠᠴᠤᠳ ᠢ ᠬᠥᠮᠥᠵᠢᠭᠦᠯᠬᠦ ᠲᠠᠪᠴᠠᠩ︾ ᠢ ᠠᠰᠢᠭᠯᠠᠨ ᠥᠷᠨᠢᠭᠦᠯᠵᠦ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ ᠬᠠᠨ ᠵᠢᠶᠠ ᠲᠦᠩ ᠠᠴᠠ ᠪᠥᠬᠦ ᠰᠤᠷᠭᠠᠭᠤᠯᠢ ᠶᠢᠨ | 3000 ᠭᠠᠷᠤᠢ ᠪᠠᠭᠰᠢ ᠰᠤᠷᠤᠭᠴᠢᠳ ᠲᠤ ᠬᠢᠴᠢᠶᠡᠯ ᠣᠷᠣᠵᠤ᠂ ᠬᠢᠴᠢᠶᠡᠯ ᠨᠢ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠡᠨᠡ ᠬᠦ ᠭᠤᠣᠯ ᠰᠢᠵᠢᠮ ᠤᠨ ᠲᠣᠭᠤᠷᠢᠨ ᠳᠤ | ᠶᠠᠪᠤᠭᠳᠠᠪᠠ᠃ | 2024 ᠣᠨ ᠳᠤ᠂ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠬᠤᠳᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠪᠦᠯᠬᠦᠮ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠵᠠᠯᠠᠭᠤᠴᠤᠳ ᠪᠠᠭᠠᠴᠤᠳ ᠢ ᠬᠥᠮᠥᠵᠢᠭᠦᠯᠬᠦ ᠲᠠᠪᠴᠠᠩ︾ ᠢ ᠰᠤᠳᠤᠯᠤᠨ ᠨᠡᠭᠡᠭᠡᠪᠡ᠃ 2025 | ᠣᠨ ᠳᠤ᠂ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ 9 ᠬᠤᠰᠢᠭᠤ ᠰᠢᠶᠠᠨ | ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠢᠴᠢ ᠣᠯᠠᠨ ᠳᠤᠮᠳᠠᠳᠤ ᠪᠠᠭ᠎ᠠ | ᠰᠤᠷᠭᠠᠭᠤᠯᠢ ᠲᠠᠢ ᠬᠠᠮᠲᠤᠷᠠᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠲᠤᠰᠬᠠᠢ | ᠰᠡᠳᠦᠪᠲᠦ ᠪᠣᠯᠪᠠᠰᠤᠷᠠᠯ ᠤᠨ ᠠᠩᠭᠢ︾ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠪᠣᠯᠪᠠᠰᠤᠷᠠᠯ ᠤᠨ | ᠠᠵᠢᠯ ᠢ ᠲᠠᠰᠤᠷᠠᠯᠲᠠ ᠦᠭᠡᠢ ᠥᠷᠨᠢᠭᠦᠯᠦᠨ᠎ᠡ᠃ | |