ᠬᠤᠪᠣᠷ ᠰᠢᠷᠣᠢ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠳᠡᠯᠭᠡᠭᠳᠡᠪᠡ
ᠨᠡᠶᠢᠲᠡᠯᠡᠭᠰᠡᠨ ᠴᠠᠭ᠄
2025/3/24
    ᠲᠦᠷᠦᠭᠦᠬᠡᠨ ᠬᠤᠷᠠᠯᠳᠤᠭᠤᠯᠤᠭᠰᠠᠨ ᠲᠢᠶᠠᠨᠵᠢᠨ ᠬᠤᠲᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠤᠨ ︽ᠤᠷᠢᠳᠠᠪᠠᠷ ᠬᠡᠷᠡᠭᠯᠡᠵᠦ ᠳᠠᠷᠠᠭ᠎ᠠ ᠨᠢ ᠰᠦᠢᠳᠬᠡᠯ ᠲᠤᠰᠢᠶᠠᠬᠤ︾ ᠠᠵᠢᠯ ᠤᠨ ᠬᠤᠷᠠᠯ ᠳᠡᠭᠡᠷ᠎ᠡ᠂ ᠬᠤᠪᠣᠷ ᠰᠢᠷᠣᠢ ᠶᠢᠨ ᠬᠦᠷᠢᠶᠡᠨ ᠳᠠᠬᠢ ᠴᠣᠷ ᠤᠨ ᠭᠠᠭᠴᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠣᠯᠤᠭᠰᠠᠨ ᠤ ᠬᠤᠪᠢ ᠳᠤ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠲᠢᠶᠠᠨᠵᠢᠨ ᠤ ᠬᠤᠪᠢᠶᠠᠷᠢ ᠬᠦᠷᠢᠶᠡᠯᠡᠩ ᠠᠴᠠ ᠬᠤᠪᠣᠷ ᠰᠢᠷᠣᠢ ᠶᠢᠨ ᠬᠦᠷᠢᠶᠡᠨ ᠳᠠᠬᠢ ᠣᠯᠠᠨ ᠵᠦᠢᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠨᠳᠤᠤᠰᠢᠭᠤᠯᠤᠯᠳᠠ ᠶᠢᠨ ᠬᠡᠷᠡᠭ ᠤᠨ ᠵᠢᠱᠢᠶ᠎ᠡ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠮᠠᠰᠢ ᠣᠯᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠤ ᠠᠬᠤᠶᠢᠯᠠᠯ ᠤᠨ ᠳᠡᠭᠡᠳᠦ ᠬᠡᠮᠵᠢᠶᠡᠨ ᠤ ᠠᠩᠬᠠᠷᠤᠯ ᠢ ᠲᠠᠲᠠᠪᠠ᠃       ᠲᠠᠨᠢᠯᠴᠠᠭᠤᠯᠤᠭᠰᠠᠨ ᠢᠶᠠᠷ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠲᠢᠶᠠᠨᠵᠢᠨ ᠤ ᠬᠤᠪᠢᠶᠠᠷᠢ ᠬᠦᠷᠢᠶᠡᠯᠡᠩ ᠬᠤᠷᠠᠯ ᠳᠡᠭᠡᠷ᠎ᠡ ᠬᠤᠪᠣᠷ ᠰᠢᠷᠣᠢ ᠶᠢᠨ ᠰᠠᠴᠤᠷᠠᠭ ᠢᠶᠠᠷ ᠬᠥᠯᠳᠡᠭᠡᠬᠦ ᠰᠢᠷ᠂ ᠤᠰᠤ ᠦᠭᠡᠢ ᠬᠤᠪᠣᠷ ᠰᠢᠷᠣᠢ ᠶᠢᠨ ᠬᠠᠯᠤᠭᠧᠨᠳᠦ ᠪᠣᠳᠠᠰ᠂ ᠬᠤᠪᠣᠷ ᠰᠢᠷᠣᠢ ᠶᠢᠨ ᠭᠠᠯ ᠳᠤ ᠳᠠᠭᠠᠭᠠᠮᠠᠭᠠᠢ ᠮᠠᠲ᠋ᠧᠷᠢᠶᠠᠯ᠂ ᠭᠠᠳᠠᠷ ᠰᠠᠯᠠᠭᠠᠨ ᠤ ᠮᠡᠰᠡ ᠵᠠᠰᠠᠯ ᠳᠤ ᠬᠡᠷᠡᠭᠯᠡᠬᠦ ᠬᠤᠪᠣᠷ ᠰᠢᠷᠣᠢ ᠶᠢᠨ ᠬᠠᠳᠬᠤᠬᠤ ᠶᠢ ᠰᠡᠷᠭᠡᠶᠢᠯᠡᠬᠦ ᠪᠡᠭᠡᠯᠡᠢ᠂ ᠬᠤᠪᠣᠷ ᠰᠢᠷᠣᠢ ᠶᠢᠨ ᠴᠢᠳᠠᠮᠵᠢᠲᠤ ᠰᠣᠶᠣᠯ ᠤᠨ ᠡᠭᠦᠳᠦᠯᠲᠡ ᠶᠢᠨ ᠦᠢᠯᠡᠳᠬᠦᠨ ᠵᠡᠷᠭᠡ ᠬᠠᠮᠢᠶ᠎ᠠ ᠪᠦᠬᠦᠢ ᠦᠷ᠎ᠡ ᠪᠦᠲᠦᠭᠡᠯ ᠢ ᠲᠥᠪᠯᠡᠷᠡᠭᠦᠯᠦᠨ ᠨᠡᠶᠢᠲᠡᠯᠡᠪᠡ᠃ ᠡᠳᠡᠭᠡᠷ ᠠᠯᠢ ᠤᠯᠠᠨ ᠮᠡᠷᠭᠡᠵᠢᠯ ᠤᠨ ᠦᠷ᠎ᠡ ᠪᠦᠲᠦᠭᠡᠯ ᠨᠢ ᠲᠤᠬᠠᠢ ᠶᠢᠨ ᠲᠠᠯᠠᠪᠠᠢ ᠳᠤ ᠴᠢᠩᠭ᠎ᠠ ᠲᠤᠰᠬᠠᠯ ᠭᠠᠷᠴᠤ᠂ ᠮᠠᠰᠢ ᠤᠯᠠᠨ ᠠᠵᠤ ᠠᠬᠤᠶᠢᠯᠠᠯ ᠤᠨ ᠬᠢᠨ ᠭᠦᠨᠵᠡᠭᠡᠢ ᠰᠣᠯᠢᠯᠴᠠᠭ᠎ᠠ ᠪᠠ ᠵᠣᠯᠭᠠᠯᠴᠠᠭ᠎ᠠ ᠥᠷᠨᠢᠭᠦᠯᠵᠡᠢ᠃     ᠣᠶᠢᠷ᠎ᠠ ᠶᠢᠨ ᠵᠢᠯ ᠳᠤ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠲᠢᠶᠠᠨᠵᠢᠨ ᠤ ᠬᠤᠪᠢᠶᠠᠷᠢ ᠬᠦᠷᠢᠶᠡᠯᠡᠩ ︽ᠬᠤᠪᠣᠷ ᠰᠢᠷᠣᠢ+︾ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠣᠨᠢᠯᠠᠵᠤ᠂ ᠪᠣᠬᠢᠷᠳᠤᠯ ᠦᠭᠡᠢ ᠦᠢᠯᠡᠳᠬᠦᠨ ᠢ ᠭᠦᠨᠵᠡᠭᠡᠢ ᠠᠭᠤᠳᠠᠯᠯᠠᠵᠤ᠂ ᠪᠣᠬᠢᠷᠳᠤᠯ ᠦᠭᠡᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠷᠡᠯ ᠭᠢᠯᠪᠠᠭ᠎ᠠ ᠶᠢ ᠰᠠᠴᠤᠷᠠᠭᠤᠯᠵᠤ᠂ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠦᠷ᠎ᠡ ᠪᠦᠲᠦᠭᠡᠯ ᠢ ᠰᠤᠳᠤᠯᠤᠨ ᠨᠡᠭᠡᠭᠡᠬᠦ᠂ ᠴᠢᠳᠠᠪᠤᠷᠢᠲᠠᠨ ᠢ ᠴᠤᠭᠯᠠᠷᠠᠭᠤᠯᠬᠤ᠂ ᠦᠷ᠎ᠡ ᠪᠦᠲᠦᠭᠡᠯ ᠢ ᠣᠨᠳᠣᠣᠰᠢᠭᠤᠯᠬᠤ᠂ ᠦᠢᠯᠡᠰ  ᠪᠣᠰᠬᠠᠬᠤ ᠶᠢ ᠨᠡᠪᠴᠢᠭᠦᠯᠬᠦ ᠵᠡᠷᠭᠡ ︽ᠳᠥᠷᠪᠡ ᠶᠢ ᠨᠢᠭᠡ ᠴᠣᠭᠴᠠᠵᠢᠭᠤᠯᠬᠤ︾ ᠰᠢᠨ᠎ᠡ ᠶᠢ ᠡᠭᠦᠳᠬᠦ ᠠᠮᠢ ᠠᠬᠤᠢ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠠᠵᠤ ᠦᠢᠯᠡᠰ ᠢ ᠨᠡᠪᠴᠢᠭᠦᠯᠬᠦ ᠪᠦᠭᠦ ᠦᠢᠯᠡᠴᠢᠯᠡᠭᠡᠨ ᠤ ᠬᠡᠯᠬᠢᠶᠡᠨ ᠳᠤ ᠣᠨᠳᠣᠣᠰᠢᠭᠤᠯᠬᠤ ᠶᠢ ᠴᠣᠭᠴᠠᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ︽ᠡᠴᠦᠰ ᠤᠨ ᠨᠢᠭᠡ ᠺᠢᠯᠣᠮᠧᠲᠷ︾ ᠢ ᠰᠠᠭᠠᠳ ᠦᠭᠡᠢ ᠨᠠᠪᠲᠠᠷᠡᠭᠦᠯᠵᠦ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠬᠢᠭᠡᠳ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号