︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ︽ᠬᠤᠶᠠᠳᠤᠭᠠᠷ ᠪᠦᠯᠦᠭ ᠤᠨ | ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ | ᠴᠡᠭ ᠤᠨ ᠨᠡᠷᠡᠰ ᠢ ᠳᠠᠷᠤᠮᠠᠯᠯᠠᠨ ᠲᠠᠷᠬᠠᠭᠠᠬᠤ ᠲᠤᠬᠠᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ | ᠲᠠᠷᠬᠠᠭᠠᠵᠤ᠂ ᠬᠥᠬᠡᠬᠤᠲᠠ ᠵᠢᠭᠰᠠᠭᠠᠯᠲᠠ ᠳᠤ ᠲᠣᠳᠣᠷᠠᠵᠤ᠂ ᠲᠤᠰ ᠪᠦᠯᠦᠭ ᠲᠤ ᠥᠪᠥᠷ ᠮᠣᠩᠭᠤᠯ ᠤᠨ ᠴᠣᠷ ᠤᠨ | ᠭᠠᠭᠴᠠ ᠰᠣᠩᠭᠤᠭᠳᠠᠭᠰᠠᠨ ᠭᠠᠵᠠᠷ ᠣᠷᠣᠨ ᠪᠣᠯᠵᠠᠢ᠃ | ᠣᠶᠢᠯᠠᠭᠠᠭᠰᠠᠨ ᠢᠶᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ︽2030 ᠣᠨ ᠠᠴᠠ ᠡᠮᠦᠨ᠎ᠡ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠥᠯ︾ | ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠤᠯᠤᠰ ᠤᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ | ᠪᠦᠲᠦᠭᠡᠨ ᠪᠠᠶᠢᠭᠤᠯᠤᠯᠲᠠ ᠶᠢᠨ ᠲᠥᠰᠥᠯ︾ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠲᠤᠷᠰᠢᠯᠲᠠ ᠶᠢᠨ | ᠴᠡᠭ ᠤᠨ ᠨᠢᠭᠡᠴᠢ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠮᠤᠵᠢ ᠶᠢᠨ ᠱᠠᠲᠤᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠠᠴᠠ ᠲᠠᠨᠢᠯᠴᠠᠭᠤᠯᠵᠤ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ | ᠬᠢᠨᠠᠨ ᠰᠢᠯᠭᠠᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠠᠬᠢᠨ ᠬᠢᠨᠠᠵᠤ᠂ ᠬᠤᠶᠠᠳᠤᠭᠠᠷ | ᠪᠦᠯᠦᠭ ᠤᠨ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ | 27 ᠲᠤᠷᠰᠢᠯᠲᠠ ᠶᠢᠨ ᠴᠡᠭ ᠢ ᠲᠣᠭᠲᠠᠭᠠᠪᠠ᠃ | ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠲᠤᠷᠰᠢᠯᠲᠠ ᠶᠢᠨ ᠬᠤᠲᠠ ᠪᠣᠯᠣᠨ ᠬᠦᠷᠢᠶᠡᠯᠡᠩ | ᠲᠣᠭᠤᠷᠢᠭ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳᠤ ᠬᠦᠷᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ | ᠲᠣᠰ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠵᠠᠩᠭᠢᠯᠠᠭ᠎ᠠ ᠶᠢᠨ ᠭᠠᠷᠳᠠᠴᠠ ᠪᠣᠯᠭᠠᠵᠤ᠂ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ | ᠲᠥᠯᠥᠪᠯᠡᠨ ᠲᠥᠯᠥᠪᠵᠢᠭᠦᠯᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠴᠢᠬᠤᠯᠠ | ᠶᠡᠭᠡ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠯ᠎ᠡ ᠲᠤᠷᠰᠢᠯᠲᠠ ᠶᠢᠨ ᠴᠡᠭ ᠤᠨ ᠬᠤᠲᠠ | ᠪᠣᠯᠣᠨ ᠬᠦᠷᠢᠶᠡᠯᠡᠩ ᠲᠣᠭᠤᠷᠢᠭ ᠨᠢ ︽ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ | ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠰᠥᠯ︾ ᠵᠢᠴᠢ ︽ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ | ᠬᠡᠷᠡᠭᠵᠢᠭᠦᠯᠬᠦ ᠲᠥᠰᠥᠯ︾ ᠶᠢᠨ ᠱᠠᠭᠠᠷᠳᠠᠯᠭ᠎ᠠ ᠶᠣᠰᠣᠭᠠᠷ᠂ ᠪᠣᠳᠠᠲᠠᠢ ᠲᠠᠢ ᠤᠶᠠᠯᠳᠤᠭᠤᠯᠤᠨ ᠲᠤᠷᠰᠢᠯᠲᠠ ᠶᠢᠨ | ᠴᠡᠭ ᠤᠨ ᠬᠡᠷᠡᠭᠵᠢᠭᠦᠯᠬᠦ ᠲᠥᠰᠥᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠣᠭᠲᠠᠭᠠᠬᠤ ᠬᠡᠷᠡᠭᠲᠡᠢ᠃ | ᠣᠶᠢᠷ᠎ᠠ ᠶᠢᠨ ᠵᠢᠯ ᠠᠴᠠ᠂ ᠬᠥᠬᠡᠬᠤᠲᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠲᠡᠶᠢᠰᠢ ᠬᠡᠯᠪᠡᠷᠢ ᠪᠠᠨ ᠬᠤᠪᠢᠷᠠᠭᠤᠯᠬᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ | ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠪᠠᠷ ᠭᠠᠷᠳᠠᠴᠠ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ | ᠬᠦᠴᠦᠨ ᠵᠦᠢᠯ ᠤᠨ ᠪᠠᠲᠤᠯᠠᠭ᠎ᠠ ᠶᠢ ᠲᠠᠰᠤᠷᠠᠯᠳᠡ ᠦᠭᠡᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ | ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠪᠠ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠲᠦᠷᠦ ᠶᠢᠨ ᠪᠣᠳᠣᠯᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ︽ᠬᠥᠬᠡᠬᠤᠲᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠣᠨᠣᠪᠴᠢᠲᠠᠢ ᠪᠦᠬᠦ | ᠲᠠᠯ᠎ᠠ ᠪᠠᠷ ᠲᠤᠭᠤᠰᠢᠯᠠᠭᠤᠯᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ | ︽ᠬᠥᠬᠡᠬᠤᠲᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠶᠢ | ᠬᠡᠷᠡᠭᠵᠢᠭᠦᠯᠬᠦ ᠲᠥᠰᠥᠯ︾ ᠵᠡᠷᠭᠡ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠵᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠤᠷᠢᠳᠠᠪᠠᠷ ︽1+ N+X︾ ᠬᠤᠣᠰ | ᠨᠡᠭᠦᠷᠡᠰᠦᠲᠥ᠋ᠷᠥᠭᠴᠢ ᠶᠢᠨ ᠲᠦᠷᠦ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠶᠢᠨ ᠬᠠᠮᠲᠤ ︽ᠬᠤᠣᠰ | ᠨᠡᠭᠦᠷᠡᠰᠦᠲᠥ᠋ᠷᠥᠭᠴᠢ︾ ᠶᠢᠨ ᠲᠤᠰᠬᠠᠢ ᠴᠢᠳᠠᠪᠤᠷᠢᠲᠠᠨ ᠤ ᠲᠥᠯᠥᠪᠯᠡᠭᠡ ᠶᠢ ᠪᠠᠶᠢᠭᠤᠯᠵᠤ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠪᠠ᠃ | ᠪᠣᠬᠢᠷᠳᠠᠯ ᠦᠭᠡᠢ ᠦᠢᠯᠡᠳᠬᠡᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 12 | ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠦᠢᠯᠡᠳᠪᠦᠷᠢ᠂ 8 ᠪᠣᠬᠢᠷᠲᠤᠯ ᠦᠭᠡᠢ ᠵᠢᠷᠤᠭ | ᠲᠥᠯᠥᠪᠯᠡᠭᠡ ᠶᠢᠨ ᠦᠢᠯᠡᠳᠬᠦᠨ᠂ 4 ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠠᠵᠤ | ᠠᠬᠤᠶᠢᠯᠠᠯ᠂ 1 ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ 5 ᠣᠷᠣᠨ ᠤ ᠳᠡᠰ ᠤᠨ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠵᠠᠢ᠃ ᠪᠣᠬᠢᠷᠲᠤᠯ ᠦᠭᠡᠢ ᠠᠶᠠᠯᠠᠯ ᠢ ᠦᠷᠭᠦᠯᠵᠢᠯᠡᠨ ᠰᠠᠨᠠᠭᠠᠴᠢᠯᠠᠵᠤ᠂ ᠪᠦᠬᠦ | ᠬᠤᠲᠠ ᠶᠢᠨ 1969 ᠨᠡᠶᠢᠲᠡ ᠶᠢᠨ ᠮᠠᠰᠢᠨ ᠲᠡᠷᠭᠡ ᠪᠦᠬᠦᠨ ᠢᠶᠠᠷ ᠢᠶᠠᠨ ᠰᠢᠨ᠎ᠡ ᠡᠨᠧᠷᠭᠢ ᠶᠢᠨ ᠴᠡᠪᠡᠷ ᠴᠠᠬᠢᠯᠭᠠᠨ | ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠪᠣᠯᠵᠠᠢ᠃ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨᠴᠢᠯᠠᠭᠰᠠᠨ | ᠠᠶᠠᠯᠠᠯ ᠤᠨ ᠬᠤᠪᠢᠶᠠᠨ ᠡᠭᠦᠷᠭᠡᠯᠡᠬᠦ ᠨᠣᠷᠮ᠎ᠠ 47.46% ᠳᠤ ᠬᠦᠷᠴᠦ᠂ ᠪᠣᠬᠢᠷᠲᠤᠯ ᠦᠭᠡᠢ ᠠᠶᠠᠯᠠᠯ ᠤᠨ ᠬᠠᠷᠢᠴᠠᠯ | 74.20% ᠳᠤ ᠬᠦᠷᠪᠡ᠃ ᠪᠠᠷᠢᠯᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠵᠦ ᠨᠡᠭᠦᠷᠡᠰᠦᠲᠥ᠋ᠷᠥᠭᠴᠢ ᠶᠢ | ᠪᠠᠭᠠᠰᠬᠠᠬᠤ ᠶᠢ ᠠᠬᠢᠭᠤᠯᠵᠤ᠂ ᠪᠣᠬᠢᠷᠲᠤᠯ ᠦᠭᠡᠢ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠡᠵᠡᠯᠡᠬᠦ | ᠬᠠᠷᠢᠴᠠᠯ 96.68% ᠳᠤ ᠬᠦᠷᠴᠡᠢ᠃ | |