3 ᠰᠠᠷ᠎ᠠ ᠶᠢᠨ 17 - 18 ᠤ ᠡᠳᠦᠷ ᠪᠤᠯᠲᠠᠯ᠎ᠠ᠂ ᠣᠷᠳᠣᠰ ᠬᠤᠲᠠ ᠶᠢᠨ ᠬᠠᠩᠭᠢᠨ ᠬᠤᠰᠢᠭᠤᠨ ᠤ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠬᠠᠮᠲᠤᠷᠠᠨ ᠵᠣᠬᠢᠶᠠᠨ | ᠪᠦᠲᠦᠭᠡᠭᠰᠡᠨ ᠳᠠᠭᠤᠤ ᠪᠥᠵᠢᠭᠲᠦ ᠵᠦᠴᠦᠭᠡ ︽ᠭᠦᠷᠦ ᠳᠠᠭᠤᠤ︾ ᠶᠢ ᠣᠷᠳᠣᠰ ᠤᠨ ᠲᠢᠶᠠᠲᠷ ᠲᠤ ᠠᠩᠬ᠎ᠠ ᠤᠳᠠᠭ᠎ᠠ | ᠲᠣᠭᠯᠠᠵᠠᠢ᠃ ᠲᠤᠰ ᠵᠦᠴᠦᠭᠡ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠪᠤᠯᠬᠤ ᠣᠷᠳᠣᠰ ᠤᠨ | ᠭᠦᠷᠦ ᠳᠠᠭᠤᠤ ᠪᠠᠷ ᠰᠡᠳᠦᠪᠯᠡᠵᠦ᠂ ᠤᠳᠤ ᠦᠶ᠎ᠡ ᠶᠢᠨ ᠲᠠᠶᠢᠰᠠᠨ ᠤ ᠤᠷᠠᠯᠢᠭ ᠢᠶᠠᠷ ᠲᠠᠯ᠎ᠠ ᠨᠤᠲᠤᠭ ᠤᠨ ᠠᠮᠢ ᠠᠬᠤᠢ | ᠶᠢᠨ ᠰᠣᠶᠣᠯ ᠪᠠ ᠦᠨᠳᠦᠰᠦᠲᠡᠨ ᠤ ᠪᠦᠯᠬᠦᠮᠳᠡᠯ ᠢ ᠢᠯᠡᠳᠬᠡᠵᠡᠢ᠃ | ︽ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠬᠤ ᠤᠳᠬ᠎ᠠ ᠤᠷᠠᠯᠢᠭ ᠤᠨ ᠰᠣᠳᠣᠨ ᠵᠦᠴᠦᠭᠡ ᠶᠢᠨ | ᠦᠵᠡᠭᠦᠯᠭᠡ ᠶᠢᠨ ᠲᠣᠬᠯᠠᠯᠲᠠ︾ ᠶᠢᠨ ᠴᠢᠬᠤᠯᠠ ᠲᠥᠷᠥᠯ ᠵᠦᠢᠯ ᠪᠣᠯᠤᠭᠰᠠᠨ ᠳᠤᠰ ᠵᠦᠴᠦᠭᠡ ᠶᠢ 2 ᠵᠢᠯ ᠤᠨ ᠴᠠᠭ | ᠵᠠᠷᠤᠴᠠᠭᠤᠯᠤᠨ ᠵᠣᠬᠢᠶᠠᠨ ᠪᠦᠲᠦᠭᠡᠵᠡᠢ᠂ ᠵᠦᠴᠦᠭᠡ ᠨᠢ ᠭᠤᠣᠯ ᠪᠠᠭᠠᠲᠤᠷ ᠬᠥᠪᠴᠢᠨ ᠤ ᠠᠮᠢ ᠠᠬᠤᠢ ᠶᠢ ᠡᠪᠳᠡᠵᠦ | ᠪᠠᠶᠢᠭᠰᠠᠨ ᠠᠴᠠ ᠪᠠᠨ ᠬᠥᠮᠥᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ ᠶᠢ ᠣᠶᠢᠯᠠᠭᠠᠭᠰᠠᠨ ᠦᠯᠢᠭᠡᠷ | ᠤᠨ ᠥᠩᠭᠡᠷᠡᠯᠲᠡ ᠪᠠᠷ ᠭᠤᠣᠯ ᠰᠢᠵᠢᠮ ᠪᠤᠯᠭᠠᠵᠤ᠂ ᠭᠦᠷᠦ ᠳᠠᠭᠤᠤ ᠶᠢᠨ ᠣᠭᠢ ᠰᠣᠳᠣ ᠪᠠ ᠭᠷᠧᠭ ᠤᠨ ᠰᠢ | ᠵᠦᠴᠦᠭᠡ ᠶᠢᠨ ᠳᠠᠭᠤᠤ ᠶᠢᠨ ᠭᠡᠯᠪᠡᠷᠢ ᠶᠢ ᠤᠷᠠᠨ ᠢᠶᠠᠷ ᠠᠭᠤᠰᠬᠠᠵᠠᠢ᠃ ᠪᠦᠭᠦ ᠵᠦᠴᠦᠭᠡ ᠳᠤ ︽ᠠᠮᠢ ᠠᠬᠤᠢ᠂ ᠠᠮᠢ | ᠨᠠᠰᠤ᠂ ᠤᠷᠠᠯᠢᠭ︾ ᠭᠡᠬᠦ ᠭᠤᠷᠮᠤᠰᠤᠨ ᠴᠣᠭᠴᠠ ᠶᠢᠨ ᠬᠦᠦᠷᠨᠢᠯ ᠢᠶᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ | ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠦᠨ ᠭᠦᠨᠵᠡᠭᠡᠢ ᠠᠭᠤᠯᠤᠭᠳᠠᠬᠤᠨ ᠢ ᠢᠯᠡᠷᠡᠭᠦᠯᠵᠡᠢ᠃ ᠵᠣᠬᠢᠶᠠᠨ | ᠪᠦᠲᠦᠭᠡᠬᠦ ᠪᠦᠯᠭᠦᠮ 10 ᠰᠠᠷ᠎ᠠ ᠶᠢᠨ ᠬᠤᠭᠤᠴᠠᠭ᠎ᠠ ᠵᠠᠷᠤᠴᠠᠭᠤᠯᠤᠨ ᠬᠡᠭᠡᠷ᠎ᠡ ᠶᠢᠨ ᠪᠠᠶᠢᠴᠠᠭᠠᠯᠲᠠ ᠬᠢᠵᠦ᠂ | ᠵᠦᠴᠦᠭᠡ ᠶᠢᠨ ᠳᠡᠪᠲᠡᠷ ᠲᠤ 20 ᠭᠠᠷᠤᠢ ᠤᠳᠠᠭ᠎ᠠ ᠵᠠᠰᠠᠪᠤᠷᠢ ᠣᠷᠣᠭᠤᠯᠤᠨ᠂ 13 ᠰᠠᠷ᠎ᠠ ᠶᠢᠨ ᠬᠤᠭᠤᠴᠠᠭ᠎ᠠ | ᠵᠠᠷᠤᠴᠠᠭᠤᠯᠤᠨ ᠳᠠᠭᠤᠤ ᠬᠥᠭᠵᠢᠮ ᠢ ᠨᠢ ᠵᠣᠬᠢᠶᠠᠨ ᠪᠦᠲᠦᠭᠡᠭᠰᠡᠨ ᠪᠥᠭᠡᠳ ᠪᠥᠵᠢᠭ ᠢ ᠨᠢ 6 ᠰᠠᠷ᠎ᠠ ᠨᠠᠶᠢᠷᠠᠭᠤᠯᠵᠠᠢ᠃ | ᠳᠤᠰ ᠵᠦᠴᠦᠭᠡ ᠳᠤ ᠤᠯᠤᠰ ᠤᠨ ᠲᠠᠰ ᠤᠨ ᠪᠣᠳᠠᠰ ᠤᠨ ᠰᠣᠶᠣᠯ ᠤᠨ ᠥᠪ ᠤᠨ ᠤᠯᠠᠮᠵᠢᠯᠠᠭᠴᠢ ᠭᠦᠷᠪᠠᠽᠠᠷ | ᠵᠡᠷᠭᠡ ᠠᠬᠠᠮᠠᠳ ᠢᠳᠡᠷ ᠵᠠᠯᠠᠭᠤ ᠭᠤᠷᠪᠠᠨ ᠦᠶ᠎ᠡ ᠶᠢᠨ 100 ᠭᠠᠷᠤᠢ ᠲᠣᠭᠯᠠᠭᠴᠢ ᠣᠷᠣᠯᠴᠠᠵᠠᠢ᠃ | ︽ᠭᠦᠷᠦ ᠳᠠᠭᠤᠤ ᠲᠠᠯ᠎ᠠ ᠨᠤᠲᠤᠭ ᠤᠨ ᠠᠷᠠᠳ ᠲᠦᠮᠡᠨ ᠤ ᠠᠮᠢ ᠨᠠᠰᠤ ᠪᠣᠯᠣᠨ ᠪᠠᠶᠢᠭᠠᠯᠢ ᠶᠢᠷᠲᠢᠨᠴᠦ ᠶᠢᠨ | ᠲᠤᠬᠠᠢ ᠭᠦᠨ ᠤᠬᠠᠭᠠᠨ ᠢ ᠠᠴᠢᠶᠠᠯᠠᠵᠤ ᠪᠤᠢ᠂ ᠪᠢᠳᠡ ᠤᠳᠤ ᠦᠶ᠎ᠡ ᠶᠢᠨ ᠤᠷᠠᠯᠢᠭ ᠢᠶᠠᠷ ᠲᠡᠭᠦᠨ ᠤ ᠴᠠᠭ ᠦᠶ᠎ᠡ | ᠶᠢᠨ ᠦᠨ᠎ᠡ ᠦᠷᠳᠡᠭ ᠢ ᠨᠢ ᠢᠯᠡᠷᠡᠭᠦᠯᠦᠨ᠎ᠡ︾ ᠭᠡᠵᠦ ᠳᠤᠰ ᠵᠦᠴᠦᠭᠡ ᠶᠢᠨ ᠶᠡᠷᠦᠩᠬᠡᠢ ᠤᠳᠤᠷᠢᠳᠤᠭᠠᠴᠢ | ᠴᠡᠬᠳᠠᠷᠰᠦ᠋ᠷᠦᠩ ᠢᠯᠡᠷᠬᠡᠶᠢᠯᠡᠪᠡ᠃ | ᠣᠷᠳᠣᠰ ᠤᠨ ᠭᠦᠷᠦ ᠳᠠᠭᠤᠤ ᠮᠠᠨ ᠤ ᠤᠯᠤᠰ ᠤᠨ ᠣᠳᠣᠬᠠᠨ ᠳᠤ ᠦᠯᠡᠳᠡᠵᠦ ᠪᠠᠶᠢᠭ᠎ᠠ ᠬᠠᠮᠤᠭ ᠤᠨ ᠡᠷᠲᠡᠨ | ᠤ ᠣᠷᠳᠣᠨ ᠤ ᠳᠠᠭᠤᠤ ᠬᠥᠭᠵᠢᠮ ᠤᠨ ᠨᠢᠭᠡ ᠪᠣᠯᠤᠭᠰᠠᠨ ᠤ ᠬᠤᠪᠢ ᠳᠤ᠂ 1979 ᠣᠨ ᠠᠴᠠ ᠡᠬᠢᠯᠡᠨ ᠰᠢᠰᠲ᠋ᠧᠮ | ᠲᠠᠢ ᠬᠠᠮᠠᠭᠠᠯᠠᠬᠤ ᠪᠠᠷ ᠳᠡᠮᠵᠢᠨ᠂ ᠣᠳᠣᠬᠠᠨ ᠳᠤ 2 ᠲᠦᠮᠡ ᠭᠠᠷᠤᠢ ᠤᠯᠠᠮᠵᠢᠯᠠᠭᠴᠢ᠂ 11 ᠲᠥᠯᠥᠭᠡᠯᠡᠬᠦ ᠴᠢᠨᠠᠷᠲᠠᠢ | ᠤᠯᠠᠮᠵᠢᠯᠠᠭᠴᠢ ᠲᠠᠢ ᠪᠣᠯᠵᠠᠢ᠃ |