ᠬᠦᠬᠡᠬᠤᠲᠠ ᠣᠯᠠᠨ ᠲᠠᠯ᠎ᠠ ᠠᠴᠠ ᠬᠦᠴᠦᠯᠡᠵᠦ ᠬᠠᠤᠯᠢ ᠪᠠᠷ ᠤᠰᠤ ᠵᠠᠰᠠᠬᠤ ᠤᠰᠤ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/3/25
    ︵ᠰᠤᠷᠪᠤᠯᠵᠢᠯᠠᠭᠴᠢ ᠦ᠋ ᠽᠢ ᠰᠢᠤᠸᠠᠨ︶ ᠤᠰᠤ ᠠᠷᠪᠢᠯᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠥᠯᠥᠭᠡ᠂ ᠬᠥᠬᠡᠬᠤᠲᠠ ᠤᠰᠤᠨ ᠤ ᠵᠠᠰᠠᠭ ᠵᠠᠬᠢᠷᠭᠠᠨ ᠤ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷ ᠵᠠᠰᠠᠬᠤ ᠤᠬᠠᠭᠤᠯᠭ᠎ᠠ ᠬᠢᠬᠦ ᠵᠡᠷᠭᠡ ᠣᠯᠠᠨ ᠲᠠᠯ᠎ᠠ ᠠᠴᠠ ᠬᠦᠴᠦᠯᠡᠵᠦ᠂ ᠤᠰᠤᠨ ᠤ ᠶᠠᠪᠤᠳᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠬᠠᠤᠯᠢ ᠶᠣᠰᠣᠭᠠᠷ ᠤᠰᠤ ᠵᠠᠰᠠᠬᠤ ᠤᠰᠤ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠪᠡ᠃           ᠬᠠᠤᠯᠢ ᠲᠣᠭᠲᠠᠭᠠᠬᠤ ᠲᠠᠯ᠎ᠠ ᠪᠠᠷ᠂ ︽ᠬᠥᠬᠡᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠶᠢᠨ ᠳᠦᠷᠢᠮ︾ ︽ᠬᠥᠬᠡᠬᠤᠲᠠ ᠶᠢᠨ ᠳᠠᠬᠢᠯᠲᠠ ᠤᠰᠤ ᠶᠢ ᠠᠰᠢᠭᠯᠠᠬᠤ ᠬᠠᠮᠢᠶᠠᠷᠤᠯᠲᠠ ᠶᠢᠨ ᠳᠦᠷᠢᠮ︾ ︽ᠬᠥᠬᠡᠬᠤᠲᠠ ᠶᠢᠨ ᠰᠠᠭᠤᠭᠠᠯᠢ ᠠᠷᠠᠳ ᠤᠨ ᠪᠤᠰᠤ ᠤᠰᠤᠨ ᠤ ᠰᠦᠢᠳᠬᠡᠯ ᠢ ᠬᠤᠷᠢᠶᠠᠬᠤ ᠪᠠ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠵᠡᠷᠭᠡ ᠳᠦᠷᠢᠮ ᠵᠢᠷᠤᠮᠵᠢᠯ ᠢ ᠤᠷᠢᠳ ᠬᠤᠵᠢᠳ ᠲᠣᠭᠲᠠᠭᠠᠨ ᠨᠡᠶᠢᠲᠡᠯᠡᠵᠦ᠂ ᠣᠳᠣᠬᠠᠨ ᠳᠤ᠂ ︽ᠬᠥᠬᠡᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ︾ ᠢ ᠶᠠᠭ ᠲᠣᠭᠲᠠᠭᠠᠵᠤ ᠪᠠᠶᠢᠨ᠎ᠠ᠃           ᠬᠠᠤᠯᠢ ᠬᠡᠷᠡᠭᠵᠢᠭᠦᠯᠬᠦ ᠲᠠᠯ᠎ᠠ ᠪᠠᠷ᠂ ᠬᠤᠲᠠ ᠰᠢᠶᠠᠨ ᠬᠤᠶᠠᠷ ᠱᠠᠲᠤᠨ ᠤ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠤᠳ ᠬᠠᠮᠲᠤᠷᠠᠨ ᠬᠠᠤᠯᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠦᠴᠦᠨ ᠢ ᠴᠢᠩᠭᠠᠳᠬᠠᠨ᠂ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠪᠦᠲᠦᠮᠵᠢ ᠶᠢ ᠳᠡᠭᠡᠭᠰᠢᠯᠡᠭᠦᠯᠦᠨ᠂ ᠤᠰᠤ ᠠᠷᠪᠢᠯᠠᠬᠤ ᠠᠵᠢᠯᠯᠠᠭ᠎ᠠ ᠶᠢᠨ ᠤᠷᠤᠭᠰᠢᠲᠠᠢ ᠥᠷᠨᠢᠬᠦ ᠶᠢ ᠪᠠᠲᠤᠯᠠᠪᠠ᠃           ᠬᠠᠤᠯᠢ ᠪᠠᠷ ᠵᠠᠰᠠᠬᠤ ᠤᠬᠠᠭᠤᠯᠭ᠎ᠠ ᠶᠢᠨ ᠲᠠᠯ᠎ᠠ ᠪᠠᠷ᠂ ᠤᠰᠤ ᠠᠷᠪᠢᠯᠠᠬᠤ ᠮᠡᠳᠡᠯᠭᠡ ᠶᠢᠨ ᠪᠣᠯᠪᠠᠰᠤᠷᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠨᠡᠶᠢᠭᠡᠮ ᠳᠠᠶᠠᠭᠠᠷ ᠢ ᠬᠥᠲᠥᠯᠥᠨ ᠵᠢᠯᠤᠭᠤᠳᠴᠤ ᠤᠰᠤ ᠠᠷᠪᠢᠯᠠᠬᠤ ᠠᠵᠢᠯᠯᠠᠭ᠎ᠠ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠪᠦᠬᠦ ᠠᠷᠠᠳ ᠢᠶᠠᠷ ᠢᠶᠠᠨ ᠤᠰᠤ ᠠᠷᠪᠢᠯᠠᠬᠤ ᠳᠤ ᠢᠳᠡᠪᠬᠢᠲᠡᠢ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号