ᠬᠤᠲᠣᠩ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ︽ᠠᠮᠢ ᠨᠠᠰᠤᠨ ᠤ ᠡᠬᠢ ᠰᠤᠷᠪᠤᠯᠵᠢ ᠶᠢ ᠨᠠᠨᠳᠢᠩᠨᠠᠨ ᠪᠣᠬᠢᠷᠲᠤᠯ ᠦᠭᠡᠢ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ︾ ᠭᠡᠬᠦ ᠠᠮᠢ ᠠᠬᠤᠢ ᠶᠢᠨ ᠪᠣᠯᠪᠠᠰᠤᠨ  ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/26
    ᠥᠪᠡᠷᠲᠡᠭᠡᠨ ᠵᠠᠰᠠᠬᠤ ᠣᠷᠣᠨ ᠤ︽ᠤᠰᠤ ᠠᠷᠪᠢᠯᠠᠬᠤ ᠠᠵᠢᠯᠯᠠᠭ᠎ᠠ︾ ᠶᠢ ᠭᠦᠨᠵᠡᠭᠡᠢ  ᠲᠤᠭᠤᠱᠢᠯᠠᠭᠤᠯᠤᠨ ᠨᠠᠶᠢᠳᠠᠪᠤᠷᠢᠵᠢᠭᠤᠯᠵᠤ᠂ ︽ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ︾ ᠣᠨᠣᠯᠵᠢᠬᠤᠨ ᠢ ᠶᠡᠬᠡᠪᠡᠷ ᠤᠬᠠᠭᠤᠯᠵᠤ᠂ ᠬᠠᠷᠢᠶᠠᠲᠤ ᠲᠣᠭᠤᠷᠢᠭ ᠤᠨ ᠥᠷᠭᠡᠨ ᠣᠯᠠᠨ ᠭᠡᠷ ᠪᠦᠯᠢ ᠶᠢᠨ ᠤᠰᠤ ᠠᠷᠪᠢᠯᠠᠬᠤ ᠦᠵᠡᠯ ᠤᠬᠠᠮᠰᠠᠷ ᠪᠠ ᠪᠣᠯᠪᠠᠰᠤᠨ ᠤ ᠬᠡᠪ ᠪᠣᠯᠪᠠᠰᠤᠷᠠᠯ ᠢ ᠴᠢᠩᠭᠠᠳᠭᠠᠬᠤ ᠶᠢᠨ ᠲᠥᠯᠥᠭᠡ᠂ 3 ᠰᠠᠷ᠎ᠠ ᠶᠢᠨ 26  ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ︽ᠠᠮᠢ ᠨᠠᠰᠤᠨ ᠤ ᠡᠬᠢ ᠰᠤᠷᠪᠤᠯᠵᠢ ᠶᠢ ᠨᠠᠨᠳᠢᠩᠨᠠᠨ᠂ ᠪᠣᠬᠢᠷᠲᠤᠯ ᠦᠭᠡᠢ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ︾ ᠭᠡᠬᠦ ᠠᠮᠢ ᠠᠬᠤᠢ ᠶᠢᠨ ᠪᠣᠯᠪᠠᠰᠤᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠳᠤᠮᠳᠠ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠴᠢ ᠤᠬᠠᠭᠤᠯᠭ᠎ᠠ ᠶᠢᠨ ᠳᠡᠪᠲᠡᠷ ᠲᠠᠷᠬᠠᠭᠠᠬᠤ ᠪᠠ PPT ᠶᠢ ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠤᠨ᠂ ︽ᠳᠡᠯᠡᠬᠡᠢ ᠶᠢᠨ ᠤᠰᠤᠨ ᠤ ᠡᠳᠦᠷ︾ ᠬᠢᠭᠡᠳ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠠᠬᠤᠢ ᠪᠠᠶᠢᠳᠠᠯ ᠵᠢᠴᠢ ᠠᠴᠢ ᠬᠤᠯᠪᠣᠭᠳᠠᠯ ᠢ ᠲᠠᠨᠢᠯᠴᠠᠭᠤᠯᠵᠤ᠂ ᠪᠠᠶᠢᠭᠠᠯᠢ ᠶᠢᠨ ᠤᠰᠤᠨ ᠤ ᠬᠡᠯᠪᠡᠷᠢ ᠪᠠᠶᠢᠳᠠᠯ᠂ ᠮᠠᠨ ᠤ ᠤᠯᠤᠰ ᠤᠨ ᠤᠰᠤᠨ ᠤ ᠡᠬᠢ ᠪᠠᠶᠠᠯᠢᠭ ᠤᠨ ᠣᠳᠣᠬᠢ ᠪᠠᠶᠢᠳᠠᠯ᠂ ᠤᠰᠤᠨ ᠤ ᠡᠬᠢ ᠪᠠᠶᠠᠯᠢᠭ ᠢ ᠪᠦᠷᠢᠯᠭᠡᠬᠦ ᠬᠦᠨᠳᠦ ᠨᠣᠴᠢᠲᠠᠢ ᠴᠢᠨᠠᠷ ᠵᠡᠷᠭᠡ ᠮᠡᠳᠡᠯᠭᠡ ᠶᠢ ᠲᠠᠶᠢᠯᠪᠤᠷᠢᠯᠠᠭᠰᠠᠨ ᠤ ᠬᠠᠮᠲᠤ᠂ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠭᠡᠷ ᠪᠦᠯᠢ ᠶᠢᠨ ᠤᠰᠤ ᠠᠷᠪᠢᠯᠠᠬᠤ ᠵᠢᠵᠢᠭ ᠡᠭᠦᠳᠡ ᠶᠢ ᠲᠠᠰᠤᠯᠵᠤ᠂ ᠤᠰᠤ ᠲᠠᠯᠪᠢᠵᠤ ᠰᠦᠷᠴᠢᠨ ᠤᠬᠢᠶᠠᠬᠤ᠂ ᠭᠠᠷ ᠢᠶᠠᠨ ᠤᠬᠢᠶᠠᠬᠤ ᠤᠰᠤ ᠪᠠᠷ ᠵᠣᠷᠯᠣᠩ ᠢᠶᠠᠨ ᠤᠬᠢᠶᠠᠬᠤ ᠵᠡᠷᠭᠡ ᠲᠠᠯ᠎ᠠ ᠪᠠᠷ ᠣᠯᠠᠨ ᠤ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠤᠰᠤ ᠶᠢ ᠠᠷᠪᠢᠯᠠᠨ ᠬᠡᠷᠡᠭᠯᠡᠬᠦ ᠰᠠᠶᠢᠨ ᠳᠠᠳᠬᠠᠯ ᠢ ᠪᠤᠢ ᠪᠣᠯᠭᠠᠵᠤ᠂ ᠠᠮᠢᠳᠤᠷᠠᠯ ᠤᠨ ᠳᠤᠮᠳᠠᠬᠢ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠤᠰᠤ ᠶᠢ ᠠᠷᠪᠢᠯᠠᠨ ᠬᠡᠷᠡᠭᠯᠡᠵᠦ᠂ ᠵᠦᠢ ᠵᠣᠬᠢᠰᠲᠠᠢ ᠬᠡᠷᠡᠭᠯᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠬᠠᠮᠲᠤ ᠪᠠᠷ ᠦᠢᠯᠡᠳᠦᠯᠭᠡᠵᠢᠭᠦᠯᠬᠦ ᠶᠢ ᠵᠣᠷᠢᠭᠵᠢᠭᠤᠯᠤᠭᠰᠠᠨ ᠪᠠᠶᠢᠨ᠎ᠠ᠃     ᠤᠰᠤ ᠪᠣᠯ ᠠᠮᠢ ᠨᠠᠰᠤᠨ ᠤ ᠡᠬᠢ ᠰᠤᠷᠪᠤᠯᠵᠢ ᠮᠥᠨ᠂ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠶᠢᠨ ᠰᠠᠭᠤᠷᠢ ᠮᠥᠨ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠤᠰᠤ ᠠᠷᠪᠢᠯᠠᠬᠤ ᠮᠡᠳᠡᠯᠭᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠤᠭᠰᠠᠨ ᠢᠶᠠᠷ ᠪᠠᠷᠠᠬᠤ ᠦᠭᠡᠢ᠂ ᠬᠠᠷᠢᠶᠠᠲᠤ ᠲᠣᠭᠤᠷᠢᠭ ᠤᠨ ᠭᠡᠷ ᠪᠦᠯᠢ ᠶᠢᠨ ᠤᠰᠤᠨ ᠤ ᠡᠬᠢ ᠪᠠᠶᠠᠯᠢᠭ ᠢ ᠨᠠᠨᠳᠢᠩᠨᠠᠬᠤ᠂ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠡᠳᠡᠨ ᠤ ᠤᠰᠤ ᠠᠷᠪᠢᠯᠠᠬᠤ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠨᠠᠩ ᠬᠥᠭᠵᠢᠭᠡᠵᠦ᠂ ︽ᠤᠰᠤ ᠶᠢ ᠠᠷᠪᠢᠯᠠᠵᠤ ᠬᠡᠷᠡᠭᠯᠡᠬᠦ᠂ ᠬᠥᠮᠥᠨ ᠪᠦᠬᠦᠨ ᠬᠠᠷᠢᠭᠤᠴᠠᠯᠭ᠎ᠠ ᠲᠠᠢ᠂ ᠬᠥᠮᠥᠨ ᠪᠦᠬᠦᠨ ᠬᠡᠷᠡᠭᠵᠢᠭᠦᠯᠵᠦ ᠪᠣᠯᠬᠤ︾ ᠦᠵᠡᠯᠲᠡ ᠶᠢ ᠪᠣᠶ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠦᠷᠭᠦᠯᠵᠢᠯᠡᠨ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯᠯᠠᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠭᠡᠷ ᠪᠦᠯᠢ ᠶᠢᠨ ᠤᠰᠤ ᠠᠷᠪᠢᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠤᠯᠠᠨ ᠡᠮᠡᠭᠲᠡᠶᠢᠴᠦᠳ ᠬᠡᠦᠬᠡᠳ ᠪᠣᠯᠣᠨ ᠭᠡᠷ ᠪᠦᠯᠢ ᠶᠢ ᠬᠥᠲᠥᠯᠥᠨ ᠵᠢᠯᠤᠭᠤᠳᠴᠤ ᠪᠠᠶᠢᠭᠠᠳ ᠤᠰᠤ ᠬᠡᠷᠡᠭᠯᠡᠬᠦ ᠵᠥᠪ ᠦᠵᠡᠯᠲᠡ ᠶᠢ ᠪᠤᠢ ᠪᠣᠯᠭᠠᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠦᠭᠡᠢ ᠢᠷᠡᠭᠡᠳᠦᠢ ᠶᠢ ᠬᠠᠮᠲᠤᠪᠠᠷ ᠴᠣᠭᠴᠠᠯᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号