ᠮᠠᠨ ᠤ ᠣᠷᠣᠨ ᠤ 8 ᠬᠤᠰᠢᠭᠤ ᠰᠢᠶᠠᠨ ︵ᠲᠣᠭᠤᠷᠢᠭ︶ ᠲᠦᠷᠦᠭᠦᠸ ᠪᠦᠯᠦᠭ ᠤᠨ ᠪᠦᠭᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢᠨ ᠰᠢᠶᠠᠨ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2025/3/26
    ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ  ᠢᠶᠠᠷ᠂ 2024 ᠣᠨ ᠤ ᠪᠦᠭᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢᠨ188 ᠰᠢᠶᠠᠨ ︵ᠬᠤᠲᠠ᠂ ᠲᠣᠭᠤᠷᠢᠭ︶ ᠤ ᠳᠣᠲᠣᠷ᠎ᠠ ᠮᠠᠨ ᠤ ᠣᠷᠣᠨ ᠤ 8 ᠬᠤᠰᠢᠭᠤ ᠰᠢᠶᠠᠨ ︵ᠲᠣᠭᠤᠷᠢᠭ︶ ᠰᠣᠩᠭᠤᠭᠳᠠᠪᠠ᠃     ᠪᠦᠭᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠪᠠᠷ ᠰᠣᠩᠭᠤᠭᠳᠠᠭᠰᠠᠨ 8 ᠬᠤᠰᠢᠭᠤ ᠰᠢᠶᠠᠨ ᠪᠣᠯ ᠭᠦᠭᠡᠬᠤᠲᠠ ᠶᠢᠨ ᠦᠴᠦᠸᠠᠨ ᠰᠢᠶᠠᠨ᠂ ᠦᠬᠠᠢ ᠬᠤᠲᠠ ᠶᠢᠨ ᠬᠠᠶᠢᠨᠠᠨ ᠲᠣᠭᠤᠷᠢᠭ᠂ ᠤᠳᠠ ᠶᠢᠨ ᠲᠣᠬᠤᠢ ᠲᠣᠭᠤᠷᠢᠭ᠂ ᠬᠠᠶᠢᠷᠤᠪ ᠤᠨ ᠲᠣᠬᠤᠢ ᠲᠣᠭᠤᠷᠢᠭ᠂ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤ᠂ ᠣᠷᠳᠣᠰ ᠬᠤᠲᠠ ᠶᠢᠨ ᠭᠢᠶ᠎ᠠ ᠪᠠᠭᠰᠢ ᠲᠣᠭᠤᠷᠢᠭ᠂ ᠡᠵᠡᠨ ᠬᠤᠷᠤᠭ᠎ᠠ ᠬᠤᠰᠢᠭᠤ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ ᠵᠡᠷᠭᠡ ᠪᠣᠯᠣᠨ᠎ᠠ᠃ ᠡᠨᠡ ᠨᠢ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ︾ ᠶᠢ ᠪᠡᠶᠡᠯᠡᠭᠦᠯᠦᠭᠰᠡᠨ ᠤ ᠳᠠᠷᠠᠭᠠᠬᠢ ᠪᠠᠰᠠ ᠨᠢᠭᠡᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠪᠤᠯᠬᠤ ᠪᠥᠭᠡᠳ ᠠᠯᠪᠠᠨ ᠵᠢᠷᠤᠮ ᠤᠨ ᠰᠤᠷᠭᠠᠨ ᠬᠥᠮᠦᠵᠢᠯ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠰᠠᠨ  ᠤ ᠰᠠᠶᠢᠨ ᠡᠭᠢᠯᠡᠯᠲᠡ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号