ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ | ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠵᠦ᠂ ᠠᠷᠠᠳ ᠣᠯᠠᠨ ᠤ ᠡᠮ ᠡᠮᠨᠡᠯᠭᠡ ᠡᠷᠡᠭᠦᠯ | ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠵᠤ ᠪᠠᠶᠢᠨ᠎ᠠ᠃ | ᠡᠨᠡ ᠵᠢᠯ ᠮᠠᠨ ᠤ ᠣᠷᠣᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠰᠢᠶᠠᠩ ᠪᠠᠯᠭᠠᠰᠤᠨ ᠤ ᠵᠠᠰᠠᠭ ᠤᠨ ᠣᠷᠳᠣᠨ᠂ | ᠵᠡᠭᠡᠯᠢ ᠭᠤᠳᠤᠮᠵᠢ ᠶᠢᠨ ᠰᠠᠭᠤᠭ᠎ᠠ ᠭᠠᠵᠠᠷ ᠤᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠰᠠᠶᠢᠲᠤᠷ ᠡᠷᠭᠢᠯᠡᠭᠦ ᠶᠢ ᠳᠡᠮᠵᠢᠵᠤ᠂ ᠨᠢᠭᠡ ᠪᠦᠯᠦᠭ ᠡᠷᠡᠭᠦᠯ | ᠬᠠᠮᠠᠭᠠᠯᠠᠯ ᠤᠨ ᠬᠤᠷᠢᠶ᠎ᠠ ᠶᠢ ᠬᠠᠰᠤᠵᠤ᠂ ᠨᠢᠭᠡ ᠪᠦᠯᠦᠭ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠶᠢ ᠭᠤᠣᠯᠳᠠᠯᠭ᠎ᠠ | ᠲᠠᠢ ᠪᠦᠲᠦᠭᠡᠨ ᠪᠠᠶᠢᠭᠤᠯᠵᠤ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠠᠮᠢᠶᠠᠷᠤᠯᠲᠠ ᠶᠢ | ᠰᠢᠯᠢᠳᠡᠭᠵᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠣᠷᠣᠭᠤᠯᠤᠭᠰᠠᠨ ᠬᠥᠳᠡᠭᠡ | ᠲᠣᠰᠬᠤᠨ ᠢ ᠨᠢᠭᠡ ᠴᠣᠭᠴᠠᠵᠢᠭᠤᠯᠤᠨ ᠬᠠᠮᠢᠶᠠᠷᠬᠤ 5000 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠨᠢ ᠢᠨᠲ᠋ᠧᠷ ᠰᠦᠯᠵᠢᠶ᠎ᠡ ᠪᠠᠷ ᠬᠤᠯᠪᠣᠯᠳᠤᠭᠰᠠᠨ ᠵᠢᠷᠦᠬᠡᠨ ᠤ ᠯᠤᠭᠰᠢᠯᠲᠠ ᠶᠢᠨ ᠵᠢᠷᠤᠭ ᠤᠨ | ᠳᠤᠨᠤᠭ ᠲᠥᠬᠦᠭᠡᠷᠦᠮᠵᠢ ᠲᠣᠬᠢᠷᠠᠭᠤᠯᠬᠤ ᠠᠵᠢᠯ ᠢ ᠠᠬᠢᠭᠤᠯᠵᠤ ᠪᠤᠢ᠃ | ᠡᠭᠦᠨ ᠤ ᠬᠠᠮᠲᠤ ᠭᠠᠴᠠᠭ᠎ᠠ ᠲᠣᠰᠬᠤᠨ ᠤ ᠱᠠᠲᠤᠨ ᠤ ᠲᠣᠭᠤᠷᠢᠨ ᠡᠮᠴᠢᠯᠡᠬᠦ ᠦᠢᠯᠡᠴᠢᠯᠡᠭᠡᠨ ᠤ ᠵᠠᠭᠪᠤᠷ ᠢ | ᠪᠦᠭᠦ ᠲᠠᠯ᠎ᠠ ᠪᠠᠷ ᠪᠠᠶᠢᠭᠤᠯᠵᠤ᠂ ᠦᠨᠳᠦᠰᠦᠨ ᠱᠠᠲᠤᠨ ᠤ ᠶᠡᠷᠦᠩᠬᠡᠢ ᠰᠠᠯᠠᠭ᠎ᠠ᠂ ᠬᠢᠲᠠᠳ ︵ᠮᠣᠩᠭᠤᠯ︶ ᠡᠮᠴᠢᠯᠡᠭᠡᠨ ᠤ | ᠰᠠᠯᠠᠭ᠎ᠠ᠂ ᠡᠷᠡᠭᠦᠯᠵᠢᠯ᠂ ᠬᠡᠦᠬᠡᠳ ᠤᠨ ᠰᠠᠯᠠᠭ᠎ᠠ ᠵᠡᠷᠭᠡ ᠭᠤᠣᠯᠳᠠᠯᠭ᠎ᠠ ᠲᠠᠢ ᠰᠠᠯᠠᠭ᠎ᠠ ᠲᠠᠰᠤᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃ ᠬᠥᠳᠡᠭᠡ ᠲᠣᠰᠬᠤᠨ ᠤ ᠡᠮᠴᠢ ᠠᠵᠢᠯᠲᠠᠨ ᠤ ᠡᠩᠨᠡᠭᠡ ᠶᠢ ᠣᠯᠠᠨ ᠠᠷᠭ᠎ᠠ | ᠵᠠᠮ ᠢᠶᠠᠷ ᠥᠷᠭᠡᠳᠬᠡᠨ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠣᠶᠤᠲᠠᠨ ᠡᠮᠴᠢ ᠶᠢᠨ ᠲᠤᠰᠬᠠᠢ ᠲᠥᠯᠥᠪᠯᠡᠭᠡ | ᠶᠢ ᠦᠷᠭᠦᠯᠵᠢᠯᠡᠨ ᠬᠡᠷᠡᠭᠵᠢᠭᠦᠯᠵᠦ᠂ ᠦᠨᠳᠦᠰᠦᠨ ᠱᠠᠲᠤᠨ ᠤ ᠴᠠᠯᠢᠩ ᠣᠯᠭᠤᠮᠵᠢ ᠶᠢ ᠪᠠᠲᠤᠯᠠᠬᠤ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠲᠡᠷᠡᠴᠢᠯᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠨᠳᠦᠰᠦᠨ ᠦᠢᠯᠡᠴᠢᠯᠡᠭᠡ ᠶᠢ ᠪᠣᠳᠠᠲᠠᠢ ᠠᠳᠬᠤᠵᠤ᠂ ᠭᠡᠷ ᠪᠦᠯᠢ ᠶᠢᠨ ᠡᠮᠴᠢ ᠶᠢᠨ ᠵᠥᠪᠯᠡᠯᠴᠡᠭᠡᠷ ᠲᠣᠭᠲᠠᠬᠤ | ᠦᠢᠯᠡᠴᠢᠯᠡᠭᠡᠨ ᠤ ᠵᠠᠭᠪᠤᠷ ᠢ ᠰᠢᠨᠡᠴᠢᠯᠡᠵᠦ᠂ ᠥᠷᠭᠡᠨ ᠣᠯᠠᠨ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠨᠡᠩ | ᠴᠢᠨᠠᠷ ᠰᠠᠶᠢᠲᠠᠢ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠣᠯᠣᠨ᠎ᠠ᠃ | | |