1 - 2 ᠳ᠋ᠤᠭᠠᠷ ᠰᠠᠷ᠎ᠠ ᠳᠤ ᠣᠷᠣᠨ ᠤ ᠲᠥᠪ ᠬᠤᠲᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠰᠠᠶᠢᠵᠢᠷᠠᠪᠠ
ᠨᠡᠶᠢᠲᠡᠯᠡᠭᠰᠡᠨ ᠴᠠᠭ᠄
2025/3/28
    ︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠡᠬᠢ ᠪᠠᠷ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠳᠦᠷᠢᠮᠵᠢᠭᠦᠨ ᠠᠬᠢᠭᠤᠯᠤᠯ ᠢᠶᠠᠷ᠂ ᠬᠤᠲᠠ ᠶᠢᠨ ᠠᠷᠠᠳ ᠤᠨ ᠬᠡᠷᠡᠭᠯᠡᠭᠡᠨ ᠤ ᠢᠲᠡᠭᠡᠯ ᠵᠣᠷᠢᠭ ᠪᠦᠲᠦᠮᠵᠢᠲᠡᠢ ᠨᠡᠮᠡᠭᠳᠡᠵᠦ᠂ ᠣᠷᠣᠨ ᠤ ᠲᠥᠪ ᠬᠤᠲᠠ ᠶᠢᠨ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠦᠷᠭᠦᠯᠵᠢᠯᠡᠨ ᠰᠠᠶᠢᠵᠢᠷᠠᠪᠠ᠃ 1- 2  ᠳ᠋ᠤᠭᠠᠷ ᠰᠠᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 206.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃           ᠨᠢᠭᠡ ᠳᠤ᠂ ᠪᠣᠷᠣᠯᠠᠭᠤᠯᠤᠯᠲᠠ ᠶᠢᠨ ᠨᠡᠮᠡᠭᠳᠡᠯ ᠰᠠᠶᠢᠵᠢᠷᠠᠵᠤ᠂ 22 ᠲᠥᠷᠥᠯ ᠤᠨ ᠭᠤᠣᠯ ᠪᠣᠯᠬᠤ ᠲᠠᠸᠠᠷ ᠤᠨ ᠲᠥᠷᠥᠯ ᠵᠦᠢᠯ ᠤᠨ ᠥᠷᠲᠡᠭ ᠳᠣᠲᠣᠷ᠎ᠠ᠂ ᠵᠢᠵᠢᠭᠯᠡᠨ ᠬᠤᠳᠠᠯᠳᠤᠬᠤ ᠬᠡᠮᠵᠢᠶ᠎ᠡ ᠨᠢ ᠡᠶᠡᠷᠭᠦ ᠨᠡᠮᠡᠭᠳᠡᠯ ᠲᠠᠢ ᠲᠠᠸᠠᠷ ᠤᠨ ᠲᠥᠷᠥᠯ 14 ᠳᠤ ᠬᠦᠷᠴᠦ᠂ ᠲᠠᠸᠠᠷ ᠤᠨ ᠵᠢᠵᠢᠭᠯᠡᠨ ᠬᠤᠳᠠᠯᠳᠤᠬᠤ ᠨᠡᠮᠡᠭᠳᠡᠯ ᠤᠨ ᠬᠡᠪᠴᠢᠶ᠎ᠡ ᠨᠢ 63.6% ᠳᠤ ᠬᠦᠷᠴᠡᠢ᠃ ᠬᠤᠶᠠᠷ ᠲᠤ᠂ ᠴᠠᠭᠠᠨ ᠰᠠᠷ᠎ᠠ ᠶᠢᠨ ᠠᠮᠠᠷᠠᠯᠲᠠ ᠶᠢᠨ ᠡᠳᠦᠷ ᠤᠨ ᠲᠥᠷᠥᠯ ᠤᠨ ᠲᠠᠸᠠᠷ ᠤᠨ ᠪᠣᠷᠤᠯᠠᠭᠤᠯᠭ᠎ᠠ ᠰᠠᠶᠢᠵᠢᠷᠠᠪᠠ᠃ ᠪᠦᠬᠦ ᠬᠤᠲᠠ ᠶᠢᠨ ᠬᠢᠵᠠᠭᠠᠷᠯᠠᠬᠤ ᠬᠤᠪᠴᠠᠰᠤ ᠱᠠᠬᠠᠢ ᠮᠠᠯᠠᠭᠠᠢ᠂ ᠠᠷᠢᠬᠢ ᠲᠠᠮᠠᠬᠢ᠂ ᠤᠮᠳᠠᠭᠠᠨ ᠤ ᠲᠥᠷᠥᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠲᠤᠰ ᠲᠤᠰ 16.2%᠂ 48.5%᠂ 8.9% ᠪᠠᠷ ᠨᠡᠮᠡᠭᠳᠡᠪᠡ᠃ ᠭᠤᠷᠪᠠ ᠳᠤ᠂ ᠰᠦᠯᠵᠢᠶᠡᠨ ᠤ ᠬᠡᠷᠡᠭᠯᠡᠭᠡ ᠦᠷᠭᠦᠯᠵᠢᠯᠡᠨ ᠰᠠᠶᠢᠵᠢᠷᠠᠵᠤ᠂ ︽ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠪᠣᠷᠤᠯᠠᠭᠤᠯᠭ᠎ᠠ︾ ︽ᠪᠢᠲᠡᠭᠦᠨ ᠤ ᠬᠤᠭᠤᠯᠠ︾ ᠵᠡᠷᠭᠡ ᠲᠤᠰᠬᠠᠢ ᠲᠠᠯᠠᠪᠤᠷ ᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠨᠢ ᠪᠥᠬᠦ ᠬᠤᠲᠠ ᠶᠢᠨ ᠰᠦᠯᠵᠢᠶᠡᠨ ᠤ ᠬᠡᠷᠡᠭᠯᠡᠭᠡ ᠶᠢᠨ ᠨᠡᠮᠡᠭᠳᠡᠯ ᠢ ᠠᠬᠢᠭᠤᠯᠵᠤ᠂ 1-2 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠬᠤ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠵᠢᠵᠢᠭᠯᠡᠨ ᠬᠤᠳᠠᠯᠳᠤᠭᠰᠠᠨ ᠲᠤᠭ᠎ᠠ 17.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.0% ᠪᠠᠷ ᠨᠡᠮᠡᠭᠳᠡᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号