ᠬᠠᠪᠤᠷ ᠤᠨ ᠤᠯᠠᠷᠢᠯ ᠬᠦᠷᠴᠦ ᠢᠷᠡᠬᠦ ᠦᠶ᠎ᠡ ᠳᠤ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠵᠦ᠂ | ᠠᠶᠤᠯᠭᠦᠢ ᠦᠢᠯᠡᠳᠪᠦᠷᠢᠯᠡᠯ ᠤᠨ ᠠᠶᠤᠯ ᠲᠥᠭᠰᠢᠭᠦᠷᠢ ᠨᠡᠮᠡᠭᠳᠡᠵᠦ᠂ ᠠᠶᠤᠯᠭᠦᠢ ᠦᠢᠯᠡᠳᠪᠦᠷᠢᠯᠡᠯ ᠳᠤ ᠬᠢᠨᠠᠯᠲᠠ | ᠲᠠᠯᠪᠢᠵᠤ ᠪᠠᠶᠢᠴᠠᠭᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠬᠤᠲᠣᠩ ᠠᠷᠠᠳ ᠶᠢᠨ ᠲᠣᠭᠤᠷᠢᠭ ᠤᠨ | ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ︽ᠠᠶᠤᠯᠭᠦᠢ ᠦᠢᠯᠡᠳᠪᠦᠷᠢᠯᠡᠯ ᠪᠣᠯ ᠨᠠᠭᠠᠲᠤ | ᠵᠠᠬ᠎ᠠ ᠶᠢᠨ ᠱᠤᠭᠤᠮ᠂ ᠤᠯᠠᠭᠠᠨ ᠱᠤᠭᠤᠮ᠂ ᠠᠮᠢ ᠨᠠᠰᠤᠨ ᠤ ᠱᠤᠭᠤᠮ︾ ᠤ ᠱᠠᠭᠠᠷᠳᠠᠯᠭ᠎ᠠ ᠶᠣᠰᠣᠭᠠᠷ᠂︽ᠠᠶᠤᠯᠭᠦᠢ | ᠦᠢᠯᠡᠳᠪᠦᠷᠢᠯᠡᠯ ᠤᠨ ᠠᠵᠢᠯ ᠢ ᠬᠢᠨᠠᠮᠠᠭᠠᠢ ᠥᠷᠨᠢᠭᠦᠯᠬᠦ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ | ᠬᠢᠨᠠᠯᠲᠠ ᠲᠠᠯᠪᠢᠵᠤ ᠪᠠᠶᠢᠴᠠᠭᠠᠬᠤ ᠠᠵᠢᠯ ᠥᠷᠨᠢᠭᠦᠯᠪᠡ᠃ | ᠠᠵᠤ ᠠᠬᠤᠶᠢᠯᠠᠯ ᠢ ᠰᠤᠷᠪᠤᠯᠵᠢᠯᠠᠬᠤ ᠶᠠᠪᠤᠴᠠ ᠳᠤ᠂ ᠬᠤᠲᠣᠩ ᠠᠷᠠᠳ ᠤᠨ ᠲᠣᠭᠤᠷᠢᠭ ᠤᠨ ᠠᠵᠤ | ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠠᠵᠤ ᠦᠢᠯᠡᠳᠪᠦᠷᠢ ᠶᠢᠨ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠢ ᠬᠦᠨᠳᠦ ᠶᠡᠭᠡ | ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠦᠷᠦᠭᠦᠯᠡᠨ ᠰᠤᠷᠤᠯᠴᠠᠭᠤᠯᠵᠤ᠂ | ᠪᠡᠶ᠎ᠡ ᠪᠠᠷ ᠢᠶᠠᠨ ᠪᠦᠯᠬᠦᠮ ᠳᠠᠭᠠᠭᠤᠯᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ | ᠠᠵᠢᠯ ᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ | ᠲᠠᠯ᠎ᠠ ᠪᠠᠷ ᠬᠢ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ | ᠵᠢᠵᠢᠭᠦᠷᠯᠡᠨ ᠰᠠᠬᠢᠬᠤ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠳᠤ | ᠢᠳᠡᠪᠬᠢᠲᠡᠢ ᠪᠠᠷ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠵᠦ᠂ ᠠᠶᠤᠯᠭᠦᠢ | ᠦᠢᠯᠡᠳᠪᠦᠷᠢᠯᠡᠯ ᠤᠨ ᠬᠦᠨᠳᠦ ᠶᠡᠭᠡ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ᠠᠷᠠᠳ ᠤᠯᠠᠨ᠂ | ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ᠂ ᠰᠠᠨᠠᠭ᠎ᠠ ᠠᠮᠤᠷ ᠰᠠᠶᠢᠨ ᠰᠠᠶᠢᠬᠠᠨ ᠣᠷᠴᠢᠨ ᠲᠣᠭᠤᠷᠢᠨ ᠢ ᠦᠨᠡᠨ | ᠬᠦ ᠪᠤᠢ ᠪᠣᠯᠭᠠᠵᠤ ᠥᠭᠬᠦ ᠬᠡᠷᠡᠭᠲᠡᠢ᠃ | | | | | |