ᠬᠠᠢ ᠯᠢᠶᠠᠩ ᠨᠡᠶᠢᠭᠡᠮ ᠲᠣᠭᠤᠷᠢᠭ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠥᠷᠨᠢᠭᠦᠯᠪᠡ
ᠨᠡᠶᠢᠲᠡᠯᠡᠭᠰᠡᠨ ᠴᠠᠭ᠄
2025/3/4
    4050 ᠨᠡᠶᠢᠭᠡᠮ ᠤᠨ   ᠳᠠᠭᠠᠳᠬᠠᠯ  ᠤᠨ ᠨᠥᠬᠦᠪᠦᠷᠢ ᠶᠢ ᠭᠦᠢᠴᠡᠳᠬᠡᠬᠦ ᠪᠣᠯ ᠮᠠᠰᠢ ᠣᠯᠠᠨ ᠣᠷᠣᠰᠢᠨ ᠰᠠᠭᠤᠭᠴᠢᠳ ᠲᠤ ᠲᠣᠬᠢᠶᠠᠯᠳᠤᠭᠰᠠᠨ ᠬᠡᠷᠡᠭ ᠶᠠᠪᠤᠳᠠᠯ ᠪᠣᠯᠣᠨ᠎ᠠ᠃ ᠥᠨᠥᠳᠥᠷ᠂ ᠨᠢᠭᠡᠨ ᠰᠠᠭᠤᠭᠠᠯᠢ ᠠᠷᠠᠳ ᠨᠡᠶᠢᠭᠡᠮ ᠲᠣᠭᠤᠷᠢᠭ ᠲᠤ ᠢᠷᠡᠵᠦ᠂ ᠥᠪᠡᠷ ᠤᠨ 4050  ᠨᠡᠶᠢᠭᠡᠮ ᠤᠨ  ᠳᠠᠭᠠᠳᠬᠠᠯ ᠤᠨ  ᠨᠥᠬᠦᠪᠦᠷᠢ ᠶᠢᠨ  ᠭᠤᠶᠤᠴᠢᠯᠠᠯ  ᠤᠨ ᠨᠥᠬᠦᠴᠡᠯ ᠳᠤ ᠨᠡᠶᠢᠴᠡᠵᠦ᠂ ᠨᠡᠶᠢᠭᠡᠮ ᠲᠣᠭᠤᠷᠢᠭ ᠠᠴᠠ ᠬᠠᠪᠰᠤᠷᠤᠨ ᠭᠦᠢᠴᠡᠳᠬᠡᠬᠦ ᠶᠢ ᠬᠦᠰᠡᠵᠦ ᠪᠠᠶᠢᠬᠤ ᠪᠠᠨ  ᠢᠯᠡᠳᠭᠡᠭᠰᠡᠨ ᠪᠠᠶᠢᠨ᠎ᠠ᠃
   
    ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ   ᠣᠶᠢᠯᠠᠭᠠᠭᠰᠠᠨ ᠤ ᠳᠠᠷᠠᠭ᠎ᠠ᠂ ᠠᠵᠢᠯᠲᠠᠳ ᠬᠠᠯᠠᠭᠤᠨ ᠢᠶᠠᠷ ᠵᠣᠴᠢᠯᠠᠵᠤ᠂ ᠰᠠᠭᠤᠭᠠᠯᠢ ᠠᠷᠠᠳ ᠤᠨ ᠨᠠᠰᠤ᠂ ᠠᠵᠢᠯ ᠣᠯᠣᠭᠰᠠᠨ  ᠪᠠᠶᠢᠳᠠᠯ᠂  ᠨᠡᠶᠢᠭᠡᠮ ᠤᠨ  ᠳᠠᠭᠠᠳᠬᠠᠯ ᠤᠨ ᠲᠤᠰᠢᠶᠠᠬᠤ ᠵᠢᠯ ᠵᠡᠷᠭᠡ ᠪᠣᠳᠠᠲᠠᠢ ᠮᠡᠳᠡᠭᠡ ᠵᠠᠩᠭᠢ ᠶᠢ ᠨᠠᠷᠢᠨ ᠠᠰᠠᠭᠤᠨ ᠯᠠᠪᠯᠠᠭᠰᠠᠨ ᠪᠥᠭᠡᠳ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠨᠡᠶᠢᠭᠡᠮ  ᠤᠨ  ᠳᠠᠭᠠᠳᠬᠠᠯ ᠤᠨ ᠲᠤᠰᠢᠶᠠᠭᠰᠠᠨ ᠲᠡᠮᠳᠡᠭᠯᠡᠯ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠨᠠᠷᠢᠨ ᠨᠢᠮᠪᠠᠢ ᠬᠠᠷᠭᠤᠭᠤᠯᠤᠨ ᠦᠵᠡᠪᠡ᠃ ᠳᠠᠷᠠᠭ᠎ᠠ ᠨᠢ᠂ ᠠᠵᠢᠯᠲᠠᠳ  ᠨᠡᠶᠢᠭᠡᠮ  ᠲᠣᠭᠤᠷᠢᠭ ᠤᠨ 4050 ᠨᠡᠶᠢᠭᠡᠮ ᠤᠨ ᠳᠠᠭᠠᠳᠬᠠᠯ ᠤᠨ ᠨᠥᠬᠦᠪᠦᠷᠢ ᠥᠭᠬᠦ ᠶᠠᠪᠤᠴᠠ ᠶᠢ ᠦᠨᠳᠦᠰᠦᠯᠡᠨ᠂ ᠰᠠᠭᠤᠭᠠᠯᠢ ᠠᠷᠠᠳ ᠢ ᠵᠢᠯᠣᠭᠤᠳᠤᠨ ᠭᠤᠶᠤᠴᠢᠯᠠᠯ  ᠤᠨ ᠬᠦᠰᠦᠨᠦᠭᠲᠦ ᠲᠠᠭᠯᠠᠬᠤ ᠶᠢᠨ ᠬᠠᠮᠲᠤ ᠲᠡᠭᠦᠨ ᠢ ᠬᠠᠪᠰᠤᠷᠤᠨ ᠪᠦᠬᠦ᠋ᠢᠯᠡ  ᠭᠤᠶᠤᠴᠢᠯᠠᠬᠤ ᠭᠠᠷᠳᠠᠮ ᠢ ᠪᠡᠶᠡᠯᠡᠭᠦᠯᠪᠡ᠃     ᠤᠳᠠᠭ᠎ᠠ ᠪᠦᠷᠢ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠨᠢ ᠴᠥᠮ ᠨᠡᠶᠢᠭᠡᠮ ᠲᠣᠭᠤᠷᠢᠭ ᠬᠢᠭᠡᠳ ᠰᠠᠭᠤᠭᠠᠯᠢ ᠠᠷᠠᠳ ᠤᠨ ᠬᠠᠯᠠᠭᠤᠨ ᠳᠤᠯᠠᠭᠠᠨ ᠢᠶᠠᠷ ᠬᠤᠯᠪᠣᠯᠳᠤᠭᠰᠠᠨ ᠶᠠᠪᠤᠳᠠᠯ ᠪᠣᠯᠣᠨ᠎ᠠ᠃ ᠢᠷᠡᠭᠡᠳᠦᠢ ᠳᠤ ᠪᠢᠳᠡ  ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠨᠠᠩ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ᠂ ᠨᠠᠩ ᠬᠠᠯᠠᠭᠤᠨ ᠣᠪᠣᠷ ᠢᠶᠠᠷ ᠰᠠᠭᠤᠭᠠᠯᠢ ᠠᠷᠠᠳ ᠤᠨ ᠠᠮᠢᠳᠤᠷᠠᠯ ᠤᠨ ᠳᠤᠮᠳᠠᠬᠢ ᠡᠯ᠎ᠡ ᠲᠥᠷᠥᠯ ᠤᠨ ᠬᠦᠴᠢᠷ ᠠᠰᠠᠭᠤᠳᠠᠯ ᠢ  ᠰᠢᠢᠳᠪᠦᠷᠢᠯᠡᠵᠦ᠂ ᠣᠯᠠᠨ ᠢ ᠨᠡᠶᠢᠭᠡᠮ ᠲᠣᠭᠤᠷᠢᠭ ᠲᠤ ᠰᠠᠨᠠᠭ᠎ᠠ ᠠᠮᠤᠷ᠂ ᠲᠠᠭᠠᠯᠠᠮᠵᠢᠲᠠᠢ᠂ ᠰᠠᠨᠠᠭ᠎ᠠ ᠠᠮᠤᠷ ᠠᠮᠢᠳᠤᠷᠠᠭᠤᠯᠵᠤ᠂ ᠨᠡᠶᠢᠭᠡᠮ ᠲᠣᠭᠤᠷᠢᠭ ᠤᠨ  ᠰᠠᠶᠢᠨ  ᠰᠠᠶᠢᠬᠠᠨ ᠠᠮᠢᠳᠤᠷᠠᠯ ᠤᠨ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠬᠤ ᠪᠣᠯᠣᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号