︽ᠪᠡᠶ᠎ᠡ ᠶᠢᠨ ᠲᠠᠮᠢᠷ ᠢ ᠭᠤᠷᠪᠠ ᠳᠤ ᠣᠷᠣᠭᠤᠯᠬᠤ︾ ᠭᠡᠳᠡᠭ ᠨᠢ ᠪᠡᠶ᠎ᠡ ᠶᠢᠨ ᠲᠠᠮᠢᠷ ᠢ ᠦᠵᠡᠮᠵᠢ ᠶᠢᠨ ᠣᠷᠣᠨ᠂ | ᠨᠡᠶᠢᠭᠡᠮ ᠲᠣᠭᠤᠷᠢᠭ᠂ ᠬᠤᠳᠠᠯᠳᠤᠭᠠᠨ ᠤ ᠲᠣᠭᠤᠷᠢᠭ ᠲᠤ ᠣᠷᠣᠭᠤᠯᠬᠤ ᠶᠢ ᠵᠢᠭᠠᠵᠤ ᠪᠤᠶ᠂ ᠲᠤᠬᠠᠶᠢᠯᠠᠪᠠᠯ ᠪᠡᠶ᠎ᠡ ᠶᠢᠨ | ᠲᠠᠮᠢᠷ ᠤᠨ ᠡᠯᠧᠮᠧᠨ᠋ᠲ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠶᠠᠪᠤᠳᠠᠯ ᠵᠡᠷᠭᠡ ᠶᠢ ᠪᠡᠶ᠎ᠡ ᠶᠢᠨ ᠲᠠᠮᠢᠷ ᠤᠨ ᠲᠠᠯᠠᠪᠤᠷ | ᠣᠷᠳᠣᠨ ᠠᠴᠠ ᠨᠥᠬᠦᠴᠡᠯ ᠪᠦᠷᠢᠯᠳᠦᠭᠦᠯᠦᠭᠰᠡᠨ ᠦᠵᠡᠮᠵᠢ ᠶᠢᠨ ᠣᠷᠣᠨ᠂ ᠪᠡᠶ᠎ᠡ ᠶᠢᠨ ᠲᠠᠮᠢᠷ ᠤᠨ ᠴᠡᠴᠡᠷᠯᠢᠭ ᠪᠠ | ᠬᠤᠳᠠᠯᠳᠤᠭᠠᠨ ᠤ ᠲᠣᠭᠤᠷᠢᠭ ᠵᠡᠷᠭᠡ ᠲᠠᠯᠠᠪᠤᠷ ᠭᠦᠷᠲᠡᠯ᠎ᠡ ᠥᠷᠭᠡᠳᠬᠡᠵᠦ᠂ ᠪᠡᠶ᠎ᠡ ᠶᠢᠨ ᠲᠠᠮᠢᠷ ᠤᠨ ᠤᠷᠤᠯᠳᠤᠭᠠᠨ ᠤ | ᠠᠵᠢᠯᠯᠠᠭ᠎ᠠ ᠪᠠᠷ ᠪᠡᠶ᠎ᠡ ᠶᠢᠨ ᠲᠠᠮᠢᠷ ᠬᠢᠭᠡᠳ ᠰᠣᠶᠣᠯ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠠᠭᠤᠰᠤᠯᠴᠠᠨ | ᠬᠥᠭᠵᠢᠬᠦ ᠶᠢ ᠠᠬᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠪᠣᠯᠣᠨ᠎ᠠ᠃ | ᠣᠶᠢᠯᠠᠭᠠᠭᠰᠠᠨ ᠢᠶᠠᠷ᠂ ᠣᠶᠢᠷ᠎ᠠ ᠳᠤ ᠤᠯᠠᠭᠠᠨᠬᠠᠳᠠ ᠬᠤᠲᠠ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ | ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠢ ᠬᠥᠲᠥᠯᠥᠨ ᠵᠢᠯᠤᠭᠤᠳᠴᠤ ᠭᠦᠨᠵᠡᠭᠡᠢ ᠪᠠᠶᠢᠴᠠᠭᠠᠨ | ᠰᠤᠳᠤᠯᠤᠯᠲᠠ ᠬᠢᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠮᠠᠷᠠᠯᠲᠠ ᠶᠢᠨ ᠣᠷᠣᠨ᠂ ᠰᠡᠯᠡᠭᠦᠴᠡᠯ ᠤᠨ ᠵᠡᠭᠡᠯᠢ | ᠲᠣᠭᠤᠷᠢᠭ ᠲᠤ ᠪᠡᠶ᠎ᠡ ᠶᠢᠨ ᠲᠠᠮᠢᠷ ᠤᠨ ᠲᠥᠬᠦᠭᠡᠷᠦᠮᠵᠢ ᠪᠠᠶᠢᠭᠤᠯᠬᠤ ᠶᠢ ᠵᠣᠷᠢᠭᠵᠢᠭᠤᠯᠵᠤ᠂ ︽ᠭᠤᠷᠪᠠᠨ ᠲᠣᠮᠣ | ᠪᠥᠮᠪᠦᠭᠡ︾᠂ ᠣᠯᠠᠨ ᠲᠦᠮᠡᠨᠴᠢ ᠮᠥᠰᠥ ᠴᠠᠰᠤᠨ ᠤ ᠬᠥᠳᠡᠯᠭᠡᠭᠡᠨ᠂ ᠪᠡᠶ᠎ᠡ ᠴᠢᠭᠢᠷᠠᠭᠵᠢᠭᠤᠯᠬᠤ ᠢᠳᠡᠷᠡᠭᠦᠨ ᠠᠯᠬᠤᠭ᠎ᠠ᠂ | ᠳᠤᠭᠤᠢ ᠤᠨᠤᠬᠤ᠂ ᠮᠠᠷᠠᠽᠤᠨ᠂ ᠮᠠᠰᠢᠨ ᠲᠡᠷᠭᠡ᠂ ᠮᠣᠲ᠋ᠣᠷ ᠲᠡᠷᠭᠡ ᠵᠡᠷᠭᠡ ᠡᠯ᠎ᠡ ᠲᠥᠷᠥᠯ ᠤᠨ ᠤᠷᠤᠯᠳᠤᠭᠠᠨ ᠤ | ᠠᠵᠢᠯᠯᠠᠭ᠎ᠠ ᠶᠢ ᠡᠷᠭᠢᠯᠡᠵᠦ᠂ ᠤᠷᠤᠯᠳᠤᠭᠠᠨ ᠤ ᠶᠠᠪᠤᠳᠠᠯ ᠤᠨ ᠠᠵᠢᠯᠯᠠᠭ᠎ᠠ ᠶᠢ ᠦᠵᠡᠮᠵᠢ ᠶᠢᠨ ᠣᠷᠣᠨ ᠳᠤ | ᠠᠭᠤᠰᠤᠯᠴᠠᠭᠤᠯᠬᠤ ᠶᠢ ᠠᠬᠢᠭᠤᠯᠪᠠ᠃ ᠨᠡᠶᠢᠭᠡᠮ ᠲᠣᠭᠤᠷᠢᠭ ᠲᠤ ᠫᠢᠩᠫᠠᠩ ᠪᠥᠮᠪᠦᠭᠡ᠂ ᠰᠠᠭᠰᠤᠨ ᠪᠥᠮᠪᠦᠭᠡ᠂ | ᠰᠢᠩᠭᠡᠯᠢᠭ ᠮᠠᠶ᠋ᠢᠭ ᠤᠨ ᠬᠥᠯ ᠪᠥᠮᠪᠦᠭᠡ ᠵᠡᠷᠭᠡ ᠲᠣᠬᠯᠠᠯᠲᠠ ᠶᠢᠨ ᠴᠢᠨᠠᠷᠲᠠᠢ᠂ ᠰᠣᠨᠢᠷᠬᠠᠯᠳᠤ ᠴᠢᠨᠠᠷᠲᠠᠢ ᠪᠠ | ᠣᠷᠤᠯᠴᠠᠬᠤ ᠴᠢᠨᠠᠷᠲᠠᠢ ᠰᠥᠨᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠭᠢᠯᠡᠭᠦ ᠶᠢ | ᠰᠦᠪᠡᠭᠴᠢᠯᠡᠵᠦ᠂ ᠣᠯᠠᠨ ᠡᠵᠡᠩᠨᠡᠯᠲᠡ ᠶᠢᠨ ᠭᠡᠯᠪᠡᠷᠢ ᠪᠠᠶᠢᠳᠠᠯ ᠢ ᠠᠭᠤᠰᠤᠯᠴᠠᠭᠤᠯᠤᠨ ᠬᠥᠭᠵᠢᠭᠦᠯᠦᠭᠰᠡᠨ ᠰᠥᠨᠢ ᠶᠢᠨ | ᠠᠵᠤ ᠠᠬᠤᠢ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠰᠢᠨ᠎ᠡ ᠪᠠᠶᠢᠳᠠᠯ ᠢ ᠪᠤᠶ ᠪᠣᠯᠭᠠᠪᠠ᠃ ᠲᠣᠮᠣ ᠭᠡᠯᠪᠡᠷᠢ ᠶᠢᠨ | ᠬᠤᠳᠠᠯᠳᠤᠭᠠᠨ ᠤ ᠲᠥᠪ᠂ ᠵᠡᠭᠡᠯᠢ ᠭᠤᠳᠤᠮᠵᠢ ᠶᠢᠨ ᠬᠤᠳᠠᠯᠳᠤᠭᠠᠨ ᠤ ᠲᠣᠭᠤᠷᠢᠭ ᠤᠨ ᠠᠵᠤ ᠠᠬᠤᠶᠢᠯᠠᠯ ᠳᠤ | ᠭᠤᠷᠪᠠᠨ ᠬᠥᠮᠥᠨ ᠤ ᠳᠦᠷᠢᠮᠲᠦ ᠰᠠᠭᠰᠤᠨ ᠪᠥᠮᠪᠦᠭᠡ᠂ ᠵᠡᠭᠡᠯᠢ ᠶᠢᠨ ᠪᠥᠵᠢᠭ᠂ ᠲᠠᠪᠤᠨ ᠬᠥᠮᠥᠨ ᠤ ᠳᠦᠷᠢᠮᠲᠦ ᠬᠥᠯ | ᠪᠥᠮᠪᠦᠭᠡ ᠵᠡᠷᠭᠡ ᠵᠢᠵᠢᠭ ᠭᠡᠯᠪᠡᠷᠢ ᠶᠢᠨ ᠤᠷᠤᠯᠳᠤᠭᠠᠨ ᠡᠷᠭᠢᠯᠡᠭᠦ ᠶᠢ ᠵᠣᠷᠢᠭᠵᠢᠭᠤᠯᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠲᠠᠢ ᠬᠠᠮᠲᠤᠷᠠᠨ ︽ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠷᠠᠳ ᠲᠤ ᠠᠰᠢᠭ ᠬᠦᠷᠲᠡᠭᠡᠬᠦ | ᠺᠠᠷᠲ︾ ᠲᠠᠷᠬᠠᠭᠠᠬᠤ ᠵᠡᠷᠭᠡ ᠣᠯᠠᠨ ᠭᠡᠯᠪᠡᠷᠢ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠰᠦᠪᠡᠭᠴᠢᠯᠡᠪᠡ᠃ | ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠣᠯᠠᠨ ᠲᠦᠮᠡᠨ ᠤ ᠳᠡᠷᠭᠡᠳᠡ ᠡᠷᠭᠢᠯᠡᠵᠦ᠂ ᠦᠵᠡᠮᠵᠢ ᠶᠢᠨ | ᠣᠷᠣᠨ᠂ ᠨᠡᠶᠢᠭᠡᠮ ᠲᠣᠭᠤᠷᠢᠭ᠂ ᠬᠤᠳᠠᠯᠳᠤᠭᠠᠨ ᠤ ᠲᠣᠭᠤᠷᠢᠭ ᠲᠠᠢ ᠨᠢᠭᠡ ᠴᠣᠭᠴᠠ ᠪᠣᠯᠭᠠᠨ᠂ ᠪᠡᠶ᠎ᠡ ᠶᠢᠨ ᠲᠠᠮᠢᠷ ᠢᠶᠠᠷ | ᠬᠡᠷᠡᠭᠯᠡᠭᠡᠨ ᠤ ᠬᠡᠯᠬᠢᠶ᠎ᠡ ᠶᠢ ᠤᠷᠲᠤᠳᠬᠠᠨ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ | ᠪᠠᠳᠠᠷᠠᠭᠤᠯᠪᠠ᠃ |