ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠣᠶᠢᠷ᠎ᠠ ᠳᠤ ᠭᠦᠭᠡᠬᠤᠲᠠ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠬᠤᠲᠠ ᠶᠢ ᠪᠠᠶᠢᠭᠤᠯᠵᠤ | ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ | ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠳᠡᠭᠡᠳᠦ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠥᠨᠳᠥᠷ ᠪᠦᠲᠦᠮᠵᠢᠲᠡᠶ᠂ ᠴᠢᠨᠠᠷ ᠰᠠᠶᠢᠲᠠᠢ ᠪᠠᠷ ᠭᠤᠣᠯ ᠪᠤᠯᠭᠠᠬᠰᠠᠨ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠤᠢ ᠪᠤᠯᠭᠠᠵᠤ᠂ ᠨᠥᠯᠥᠭᠡᠯᠡᠬᠦ ᠬᠦᠴᠦᠨ ᠪᠦᠬᠦᠢ ᠣᠷᠣᠨ | ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠴᠣᠭᠴᠠᠯᠠᠨ᠎ᠠ ᠭᠡᠪᠡ᠃ | | ︽ᠬᠡᠷᠡᠭᠵᠢᠭᠦᠯᠬᠦ ᠰᠠᠨᠠᠯ︾ ᠳᠤ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢᠨ ᠲᠠᠯ᠎ᠠ ᠪᠠᠷ ︽ᠴᠢᠳᠠᠪᠤᠷᠢ | ᠳᠡᠰ ᠢ ᠳᠡᠭᠡᠭᠰᠢᠯᠡᠭᠦᠯᠭᠦ︾ ᠠᠵᠢᠯᠯᠠᠭ᠎ᠠ᠂ ᠰᠤᠳᠤᠯᠤᠨ ᠨᠡᠭᠡᠭᠡᠬᠦ ᠤᠷᠤᠭᠤᠯᠤᠯᠲᠠ ᠶᠢᠨ ᠲᠠᠯ᠎ᠠ ᠪᠠᠷ︽ᠨᠡᠮᠡᠭᠳᠡᠯ ᠢ | ᠲᠦᠷᠭᠡᠳᠬᠡᠬᠦ︾ᠠᠵᠢᠯᠯᠠᠭ᠎ᠠ᠂ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠪᠤᠢ ᠪᠤᠯᠭᠠᠬᠤ ︽ᠪᠣᠭᠤᠮᠲᠠ ᠰᠢᠪᠲᠤᠯᠬᠤ︾ ᠠᠵᠢᠯᠯᠠᠭ᠎ᠠ᠂ ᠰᠢᠨ᠎ᠡ ᠶᠢ ᠡᠭᠦᠳᠬᠦ | ᠭᠡᠯᠪᠡᠷᠢ ᠶᠢᠨ ᠠᠵᠤ ᠠᠬᠤᠶᠢᠯᠠᠯ ᠢ ᠪᠤᠢ ᠪᠤᠯᠭᠠᠬᠤ ᠲᠠᠯ᠎ᠠ ᠪᠠᠷ ︽ᠰᠢᠯᠢᠳᠡᠭᠵᠢᠭᠦᠯᠦᠨ ᠪᠤᠢ ᠪᠤᠯᠭᠠᠬᠤ︾ ᠠᠵᠢᠯᠯᠠᠭ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠲᠠᠯ᠎ᠠ ᠪᠠᠷ ︽ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠠᠵᠢᠯᠯᠠᠭ᠎ᠠ᠂ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢᠨ ᠲᠠᠯ᠎ᠠ ᠪᠠᠷ ︽ᠬᠦᠴᠦᠨ ᠢ ᠬᠤᠷᠠᠮᠳᠤᠭᠤᠯᠤᠨ ᠴᠢᠳᠠᠪᠤᠷᠢᠲᠠᠨ ᠢ ᠲᠥᠪᠯᠡᠷᠡᠭᠦᠯᠬᠦ︾ ᠠᠵᠢᠯᠯᠠᠭ᠎ᠠ᠂ | ᠨᠡᠭᠡᠭᠡᠯᠲᠡ ᠬᠢᠵᠦ ᠬᠠᠮᠲᠤᠷᠠᠯᠴᠠᠬᠤ ᠲᠠᠯ᠎ᠠ ᠪᠠᠷ ︽ᠵᠣᠯᠭᠠᠭᠤᠯᠤᠨ ᠬᠠᠮᠲᠤᠷᠠᠯᠴᠠᠬᠤ︾ ᠠᠵᠢᠯᠯᠠᠭ᠎ᠠ᠂ ᠵᠠᠰᠠᠭ ᠤᠨ ᠣᠷᠳᠣᠨ᠂ | ᠰᠤᠷᠭᠠᠭᠤᠯᠢ᠂ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠯ᠎ᠠ ᠪᠠᠷ ︽ᠬᠤᠣᠰ ᠴᠢᠭᠯᠡᠯ ᠢᠶᠠᠷ ᠬᠦᠴᠦᠨ ᠨᠡᠮᠡᠷᠢᠯᠡᠬᠦ︾ | ᠠᠵᠢᠯᠯᠠᠭ᠎ᠠ ᠪᠠ ᠰᠢᠨ᠎ᠡ ᠶᠢ ᠡᠭᠦᠳᠦᠨ ᠦᠢᠯᠡᠰ ᠪᠣᠰᠬᠠᠬᠤ ᠠᠮᠢ ᠠᠬᠤᠢ ᠶᠢ ︽ᠰᠢᠯᠢᠳᠡᠭᠵᠢᠭᠦᠯᠦᠨ ᠰᠠᠶᠢᠵᠢᠷᠠᠭᠤᠯᠬᠤ︾ | ᠠᠵᠢᠯᠯᠠᠭ᠎ᠠ ᠵᠡᠷᠭᠡ ︽ᠶᠢᠰᠦᠨ ᠶᠡᠭᠡ ᠠᠵᠢᠯᠯᠠᠭ᠎ᠠ︾ ᠶᠢ ᠳᠤᠷᠠᠳᠤᠨ᠂ 26 ᠵᠦᠢᠯ ᠤᠨ ᠪᠣᠳᠠᠲᠠᠢ ᠡᠭᠦᠷᠭᠡ ᠶᠢ | ᠲᠣᠳᠣᠷᠬᠠᠶᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠳᠤ ᠲᠣᠳᠣᠷᠬᠠᠢ ᠠᠷᠭ᠎ᠠ ᠵᠠᠮ ᠬᠠᠩᠭᠠᠵᠠᠢ᠃ | ︽ᠬᠡᠷᠡᠭᠵᠢᠭᠦᠯᠬᠦ ᠰᠠᠨᠠᠯ︾ ᠳᠤ ᠪᠠᠰᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠬᠤᠲᠠ ᠶᠢᠨ | ᠪᠠᠶᠢᠭᠤᠯᠤᠯᠲᠠ ᠶᠢᠨ︽ᠭᠤᠷᠪᠠ ᠶᠢ ᠳᠠᠭᠢᠨ ᠢᠶᠠᠷ ᠨᠡᠮᠡᠭᠳᠡᠭᠦᠯᠬᠦ︾᠂ ︽ᠭᠤᠷᠪᠠ ᠶᠢ ᠳᠠᠷᠠᠭᠠᠯᠠᠨ ᠨᠡᠮᠡᠭᠳᠡᠭᠦᠯᠬᠦ︾᠂ | ︽ᠭᠤᠷᠪᠠᠨ ᠨᠢᠭᠡ ᠪᠦᠯᠦᠭ︾ ᠤᠨ ᠶᠡᠷᠦᠩᠬᠡᠢ ᠬᠠᠷᠠᠯᠲᠠ ᠶᠢ ᠳᠤᠷᠠᠳᠤᠨ ᠭᠠᠷᠭᠠᠪᠠ᠃ ᠲᠤᠬᠠᠶᠢᠯᠠᠪᠠᠯ᠄ 2027 ᠣᠨ | ᠪᠤᠯᠬᠤ ᠳᠤ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠳᠠᠯ ᠤᠨ | ᠣᠷᠣᠭᠤᠯᠤᠯᠲᠠ᠂ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ 2024 ᠣᠨ ᠤ ᠬᠢ ᠠᠴᠠ ᠬᠤᠶᠠᠷ ᠳᠠᠭᠢᠨ ᠢᠶᠠᠷ | ᠨᠡᠮᠡᠭᠳᠡᠭᠦᠯᠦᠨ᠎ᠡ᠃ ᠤᠯᠤᠰ ᠤᠨ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠠᠪᠴᠠᠩ ᠤᠨ ᠲᠤᠭ᠎ᠠ ᠶᠢ ᠵᠢᠯ ᠳᠠᠷᠠᠭᠠᠯᠠᠨ ᠨᠡᠮᠡᠭᠳᠡᠭᠦᠯᠵᠦ 40 ᠶᠢ ᠳᠠᠪᠠᠭᠤᠯᠤᠨ᠎ᠠ᠃ ᠤᠯᠤᠰ ᠤᠨ ᠲᠡᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ᠲᠤᠭ᠎ᠠ ᠶᠢ ᠵᠢᠯ ᠳᠠᠷᠠᠭᠠᠯᠠᠨ | ᠨᠡᠮᠡᠭᠳᠡᠭᠦᠯᠵᠦ 1600 ᠭᠠᠷᠤᠢ ᠪᠣᠯᠭᠠᠨ᠎ᠠ᠃ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ ᠶᠢ ᠵᠢᠯ | ᠳᠠᠷᠠᠭᠠᠯᠠᠨ ᠨᠡᠮᠡᠭᠳᠡᠭᠦᠯᠦᠨ᠎ᠡ᠃ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠣᠨᠳᠣᠣᠰᠢᠭᠤᠯᠵᠤ᠂ ᠨᠢᠭᠡ ᠪᠦᠯᠦᠭ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠷᠢᠶᠡᠯᠡᠩ ᠲᠣᠭᠤᠷᠢᠭ ᠢ ᠪᠤᠶ ᠪᠤᠯᠭᠠᠵᠤ᠂ ᠨᠢᠭᠡ ᠪᠦᠯᠦᠭ ᠭᠤᠣᠯᠯᠠᠬᠤ ᠥᠷᠢᠰᠦᠯᠳᠦᠬᠦ ᠬᠦᠴᠦᠨ ᠪᠦᠬᠦᠢ ᠰᠢᠨ᠎ᠡ ᠶᠢ | ᠡᠭᠦᠳᠬᠦ ᠭᠡᠯᠪᠡᠷᠢ ᠶᠢᠨ ᠠᠵᠤ ᠦᠢᠯᠡᠰ ᠤᠨ ᠪᠦᠯᠦᠭᠵᠢᠯ ᠢ ᠪᠤᠢ ᠪᠣᠯᠭᠠᠨ᠎ᠠ ᠭᠡᠵᠡᠢ᠃ | |