ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ | ᠳᠡᠭᠡᠭᠰᠢᠯᠡᠭᠦᠯᠦᠶ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ | ᠲᠦᠭᠡᠮᠡᠯᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠬᠤᠲᠣᠩ ᠠᠷᠠᠳ ᠤᠨ ᠲᠣᠭᠤᠷᠢᠭ ᠤᠨ | ᠵᠠᠰᠠᠭ ᠤᠨ ᠲᠤᠭ᠎ᠠ ᠶᠢᠨ ᠲᠣᠪᠴᠢᠶ᠎ᠠ ︽ᠥᠨᠳᠥᠷ ᠦᠷ᠎ᠡ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠵᠦ︾᠂ | ᠦᠢᠯᠡᠴᠢᠯᠡᠭᠡᠨ ᠤ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ | ᠶᠠᠪᠤᠴᠠ ᠶᠢ ᠰᠢᠯᠢᠳᠡᠭᠵᠢᠭᠦᠯᠬᠦ᠂ ᠶᠡᠷᠦᠩᠬᠡᠶᠢᠯᠡᠭᠰᠡᠨ ᠴᠣᠩᠬᠤᠪᠴᠢ ᠶᠢᠨ ᠦᠢᠯᠡᠴᠢᠯᠡᠭᠡ ᠶᠢ ᠴᠢᠩᠭᠠᠳᠬᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ | ᠦᠭᠡᠢ ᠨᠡᠮᠡᠭᠳᠡᠭᠦᠯᠦᠨ᠎ᠡ᠃ | ᠣᠶᠢᠷ᠎ᠠ ᠶᠢᠨ ᠡᠳᠦᠷ᠂ ᠬᠤᠲᠣᠩ ᠠᠷᠠᠳ ᠤᠨ ᠲᠣᠭᠤᠷᠢᠭ ᠤᠨ ᠨᠢᠭᠡᠨ ᠠᠷᠠᠳ ᠠᠴᠠ ᠡᠷᠬᠢᠯᠡᠭᠰᠡᠨ ᠡᠮᠨᠡᠯᠭᠡ ᠶᠢᠨ | ᠬᠤᠷᠢᠶᠠᠨ ᠤ ᠠᠵᠢᠯᠲᠠᠨ ᠸᠠᠩ ᠠᠪᠠᠭ᠋ᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠬᠦᠷᠴᠦ | ᠰᠤᠪᠢᠯᠠᠭᠴᠢ ᠶᠢᠨ ᠠᠵᠢᠯ ᠡᠷᠬᠢᠯᠡᠬᠦ ᠬᠢᠷᠢ ᠭᠡᠮ ᠤᠨ ᠦᠨᠡᠮᠯᠡᠯ ᠢ ᠬᠤᠪᠢᠷᠠᠭᠤᠯᠬᠤ ᠲᠤᠬᠠᠶᠢᠯᠠᠭᠰᠠᠨ ᠠᠵᠢᠯ ᠢ | ᠭᠦᠢᠴᠡᠳᠬᠡᠵᠦ ᠪᠠᠶᠢᠨ᠎ᠠ᠃ ᠨᠢᠭᠡ ᠯᠡ ᠤᠳᠠᠭ᠎ᠠ ᠳᠤ ᠣᠯᠠᠨ ᠬᠥᠮᠥᠨ ᠤ ᠭᠡᠷᠡᠴᠢ ᠦᠨᠡᠮᠯᠡᠯ ᠢ ᠬᠤᠪᠢᠷᠠᠭᠤᠯᠬᠤ | ᠲᠤᠬᠠᠶᠢᠯᠠᠭᠰᠠᠨ ᠠᠵᠢᠯ ᠢ ᠭᠦᠢᠴᠡᠳᠭᠡᠬᠦ ᠪᠥᠭᠡᠳ ᠬᠡᠰᠡᠭ ᠮᠠᠲ᠋ᠧᠷᠢᠶᠠᠯ ᠤᠨ ᠪᠠᠭᠤᠯᠭᠠᠪᠤᠷᠢ ᠨᠢ ᠪᠦᠷᠢᠨ ᠭᠦᠢᠴᠡᠳ | ᠪᠢᠰᠢ᠂ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠳ ᠲᠡᠭᠦᠨ ᠳᠤ | ᠪᠥᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠬᠤ ᠬᠡᠷᠡᠭᠲᠡᠢ᠃ ᠮᠠᠲ᠋ᠧᠷᠢᠶᠠᠯ ᠲᠢᠭᠯᠡᠬᠦ ᠠᠴᠠ | ᠠᠪᠤᠭᠠᠳ ᠬᠠᠪᠰᠤᠷᠤᠨ ᠮᠠᠲ᠋ᠧᠷᠢᠶᠠᠯ ᠪᠠᠭᠤᠯᠭᠠᠬᠤ ᠬᠦᠷᠲᠡᠯ᠎ᠡ᠂ ᠬᠠᠮᠤᠭ ᠰᠡᠭᠦᠯ ᠳᠤ ᠬᠦᠰᠦᠨᠦᠭ ᠲᠠᠭᠯᠠᠬᠤ ᠶᠢ | ᠵᠢᠯᠤᠭᠤᠳᠴᠤ᠂ ᠬᠠᠮᠤᠭ ᠤᠨ ᠡᠴᠦᠰ ᠲᠤ ᠤᠷᠤᠭᠰᠢᠲᠠᠢ ᠭᠦᠢᠴᠡᠳᠬᠡᠵᠦ ᠳᠠᠭᠤᠰᠬᠠᠪᠠ᠃ ᠸᠠᠩ ᠠᠪᠠᠭ᠋ᠠᠢ | ︽ᠴᠣᠩᠬᠤᠨ ᠤ ᠠᠵᠢᠯᠲᠠᠨ ᠤ ᠬᠠᠯᠠᠭᠤᠮᠰᠤᠭ ᠬᠦᠯᠢᠴᠡᠩᠭᠦᠢ ᠪᠠᠷ ᠦᠢᠯᠡᠴᠢᠯᠡᠬᠦ᠂ ᠲᠤᠰᠬᠠᠢ ᠮᠡᠷᠭᠡᠵᠢᠯ ᠤᠨ | ᠲᠤᠬᠠᠶᠢᠯᠠᠭᠰᠠᠨ ᠠᠵᠢᠯ ᠤᠨ ᠴᠢᠳᠠᠪᠤᠷᠢ᠂ ᠥᠨᠳᠥᠷ ᠪᠦᠲᠦᠮᠵᠢᠲᠡᠶ ᠠᠵᠢᠯ ᠤᠨ ᠦᠷ᠎ᠡ ᠪᠦᠲᠦᠮᠵᠢ ᠣᠯᠵᠤ᠂ | ᠲᠡᠭᠦᠨ ᠳᠤ ᠮᠠᠰᠢ ᠲᠠᠭᠠᠯᠠᠮᠵᠢᠲᠠᠢ ᠥᠩᠭᠡᠷᠡᠯᠲᠡ ᠶᠢ ᠮᠡᠳᠡᠷᠡᠭᠦᠯᠦᠨ᠎ᠡ︕︾ ᠭᠡᠵᠦ ᠢᠯᠡᠳᠭᠡᠭᠰᠡᠨ ᠪᠠᠶᠢᠨ᠎ᠠ᠃ | | ᠬᠤᠶᠢᠰᠢᠳᠠ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢᠨ ᠲᠣᠪᠴᠢᠶ᠎ᠠ | ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠲᠦᠮᠡᠨ ᠢᠶᠠᠷ ᠭᠤᠣᠯ ᠪᠣᠯᠭᠠᠬᠤ︾ ᠦᠢᠯᠡᠴᠢᠯᠡᠭᠡᠨ ᠤ ᠣᠶᠢᠯᠠᠭᠠᠭᠳᠠᠬᠤᠨ ᠢ | ᠦᠷᠭᠦᠯᠵᠢᠯᠡᠨ ᠦᠢᠯᠡᠳᠦᠯᠭᠡᠵᠢᠭᠦᠯᠵᠦ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠᠷ ᠪᠠᠷᠢᠮᠵᠢᠶ᠎ᠠ ᠪᠣᠯᠭᠠᠬᠤ ᠶᠢ | ᠪᠠᠷᠢᠮᠲᠠᠯᠠᠵᠤ᠂ ᠠᠷᠠᠳ ᠤᠯᠠᠨ ᠤ ᠰᠠᠨᠠᠯ ᠢ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠠᠷᠠᠳ ᠤᠨ ᠠᠮᠢᠳᠤᠷᠠᠯ ᠢ | ᠰᠣᠨᠣᠰᠴᠤ᠂ ᠠᠷᠠᠳ ᠤᠨ ᠰᠠᠨᠠᠭ᠎ᠠ ᠶᠢ ᠳᠠᠭᠠᠵᠤ ᠠᠵᠢᠯ ᠢᠶᠠᠨ ᠰᠠᠶᠢᠵᠢᠷᠠᠭᠤᠯᠵᠤ᠂ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ | ᠲᠣᠭᠠᠴᠢᠯᠠᠭᠰᠠᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠤᠶᠠᠯᠳᠤᠭᠤᠯᠬᠤ ᠪᠠᠷ ᠳᠠᠮᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ | ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠳᠤ ᠪᠦᠬᠦ | ᠲᠠᠯ᠎ᠠ ᠶᠢᠨ ᠦᠢᠯᠡᠴᠢᠯᠡᠭᠡ ᠬᠠᠩᠭᠠᠵᠤ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ |