ᠪᠥᠵᠢᠭᠲᠦ ᠵᠦᠴᠦᠭᠡ ︽ᠴᠤᠭᠤᠷ ᠤᠨ ᠠᠷᠪᠠᠨ ᠨᠠᠢᠮᠠᠨ ᠠᠶᠠᠯᠭᠤ︾ ᠶᠢ ᠤᠯᠤᠰ ᠤᠨ ᠲᠣᠮᠣ ᠲᠢᠶᠠᠲᠷ ᠲᠤ ᠲᠣᠭᠯᠠᠪᠠ
ᠨᠡᠶᠢᠲᠡᠯᠡᠭᠰᠡᠨ ᠴᠠᠭ᠄
2025/3/5
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠷᠳᠣᠰ ᠬᠤᠲᠠ ᠶᠢᠨ ᠤᠯᠠᠭᠠᠨᠮᠥ᠋ᠴᠢᠷ ᠪᠣᠯᠣᠨ ᠪᠡᠭᠡᠵᠢᠩ ᠤᠨ ᠪᠦᠦ ᠯᠢ ᠵᠦᠴᠦᠭᠡ ᠶᠢᠨ ᠬᠦᠷᠢᠶᠡᠯᠡᠩ ᠠᠴᠠ ᠬᠠᠮᠲᠤᠷᠠᠨ ᠦᠢᠯᠡᠳᠦᠭᠰᠡᠨ ᠪᠥᠵᠢᠭᠲᠦ ᠵᠦᠴᠦᠭᠡ ︽ᠴᠤᠭᠤᠷ ᠤᠨ ᠠᠷᠪᠠᠨ ᠨᠠᠢᠮᠠᠨ ᠠᠶᠠᠯᠭᠤ︾ ᠶᠢ ᠣᠷᠳᠣᠰ ᠬᠤᠲᠠ  ᠶᠢᠨ ᠤᠯᠠᠭᠠᠨᠮᠥ᠋ᠴᠢᠷ ᠤᠨ ᠬᠢᠨ 3 ᠰᠠᠷ᠎ᠠ ᠶᠢᠨ 1 - 2 ᠤᠨ ᠡᠳᠦᠷ ᠪᠤᠯᠳᠠᠯ᠎ᠠ ᠪᠡᠭᠡᠵᠢᠩ ᠳᠠᠬᠢ ᠤᠯᠤᠰ ᠤᠨ ᠲᠣᠮᠣ ᠲᠢᠶᠠᠲᠷ ᠲᠤ ᠲᠣᠭᠯᠠᠪᠠ᠃ ᠲᠤᠰ ᠵᠦᠴᠦᠭᠡ ᠨᠢ ᠬᠠᠨ ᠤᠯᠤᠰ ᠤᠨ ᠲᠠᠰᠤᠷᠬᠠᠢ ᠠᠪᠢᠶᠠᠰ ᠪᠢᠯᠢᠭᠲᠦ ᠪᠦᠰᠡᠭᠦᠢ ᠼᠠᠢ ᠸᠧᠨ ᠵᠢᠢ ᠶᠢᠨ ᠦᠯᠢᠭᠡᠷ ᠲᠡᠦᠬᠡ ᠪᠠᠷ ᠰᠡᠳᠦᠪᠯᠡᠨ᠂ ᠲᠡᠦᠬᠡ ᠶᠢᠨ ᠬᠦᠦᠷᠨᠢᠯ ᠢᠶᠠᠷ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠰᠣᠶᠣᠯ ᠢ ᠵᠠᠯᠭᠠᠮᠵᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠭᠰᠠᠨ ᠦᠯᠢᠭᠡᠷ ᠢ ᠶᠠᠷᠢᠵᠠᠢ᠃     ᠰᠤᠳᠤᠯᠭᠠᠲᠠᠳ ᠤᠨ ᠭᠡᠷᠡᠴᠢᠯᠡᠭᠰᠡᠨ ᠢᠶᠠᠷ᠂ ᠵᠡᠭᠦᠨ ᠬᠠᠨ ᠤᠯᠤᠰ ᠤᠨ ᠼᠠᠢ ᠸᠧᠨ ᠵᠢᠢ ᠾᠦᠩᠨᠦ ᠶᠢᠨ ᠮᠧᠶ ᠵᠢᠢ ᠴᠧᠩ ᠬᠤᠳᠠ ︵ᠣᠳᠣ ᠶᠢᠨ ᠣᠷᠳᠣᠰ ᠬᠤᠳᠠ︶ ᠳᠤ 12 ᠵᠢᠯ ᠠᠮᠢᠳᠤᠷᠠᠭᠰᠠᠨ ᠪᠥᠭᠡᠳ ᠾᠦᠩᠨᠦ ᠶᠢᠨ ᠽᠦᠸᠧ ᠰᠢᠶᠠᠨ ᠸᠠᠩ ᠲᠠᠢ ᠤᠷᠤᠭᠯᠠᠨ ᠬᠤᠶᠠᠷ ᠬᠡᠦᠬᠡᠳ ᠲᠠᠢ ᠪᠣᠯᠵᠠᠢ᠃ ᠤᠳᠠᠭᠠᠨ ᠵᠢᠯ ᠤᠨ ᠲᠤᠷᠰᠢ ︽ᠸᠧᠨ ᠵᠢᠢ ᠬᠠᠨ ᠤᠯᠤᠰ ᠲᠤ ᠪᠤᠴᠠᠭᠰᠠᠨ︾ ᠳᠠᠭᠤᠷᠢᠰᠬᠠᠯᠳᠦ ᠦᠯᠢᠭᠡᠷ ᠥᠷᠭᠡᠨ ᠳᠡᠯᠭᠡᠷ ᠢᠶᠠᠷ ᠤᠯᠠᠮᠵᠢᠯᠠᠭᠳᠠᠨ ᠮᠠᠭᠲᠠᠭᠳᠠᠭᠰᠠᠭᠠᠷ ᠢᠷᠡᠵᠤ᠂ ᠠᠪᠢᠶᠠᠰ ᠪᠢᠯᠢᠭᠲᠡᠨ ᠼᠠᠢ ᠸᠧᠨ ᠵᠢᠢ ᠥᠪᠡᠷ ᠤᠨ ᠨᠤᠭᠤᠷᠠᠯ ᠪᠦᠳᠦᠷᠢᠯ ᠲᠠᠢ᠂ ᠭᠠᠰᠢᠭᠤᠨ ᠵᠣᠪᠠᠭᠤᠷᠢᠲᠠᠢ ᠠᠮᠢᠳᠤᠷᠠᠯ ᠤᠨ ᠵᠠᠮ ᠢᠶᠠᠨ ᠤᠷᠠᠨ ᠪᠦᠲᠦᠭᠡᠯ ᠳᠡᠭᠡᠨ ᠠᠭᠤᠰᠬᠠᠨ᠂ ᠳᠡᠯᠡᠬᠡᠢ ᠳ᠋ᠠᠬᠢᠨ ᠢ ᠳᠣᠩᠰᠣᠯᠭᠠᠭᠰᠠᠨ ︽ᠴᠤᠭᠤᠷ ᠤᠨ ᠠᠷᠪᠠᠨ ᠨᠠᠢᠮᠠᠨ ᠠᠶᠠᠯᠭᠤ︾ ᠪᠠᠨ ᠵᠣᠬᠢᠶᠠᠨ ᠪᠦᠲᠦᠭᠡᠭᠰᠡᠨ ᠶᠤᠮ᠃ ᠪᠥᠵᠢᠭᠲᠦ ᠵᠦᠴᠦᠭᠡ ︽ᠴᠤᠭᠤᠷ ᠤᠨ ᠠᠷᠪᠠᠨ ᠨᠠᠢᠮᠠᠨ ᠠᠶᠠᠯᠭᠤ︾ ᠨᠢ ᠴᠣ ᠰᠢᠨ᠎ᠡ ᠬᠠᠷᠠᠭᠠᠰᠤ ᠠᠴᠠ 2000 ᠭᠠᠷᠤᠢ ᠵᠢᠯ ᠤᠨ ᠡᠮᠦᠨᠡᠬᠢ ᠲᠡᠶᠢᠨ ᠤ ᠭᠠᠯ ᠳᠦᠷᠡᠯᠵᠡᠭᠰᠡᠨ ᠣᠨ ᠴᠠᠭ ᠲᠤ ᠠᠮᠢᠳᠤᠷᠠᠵᠤ ᠪᠠᠶᠢᠭᠰᠠᠨ ᠼᠠᠢ ᠸᠧᠨ ᠵᠢᠢ ᠶᠢᠨ ᠨᠤᠭᠤᠷᠠᠯ ᠪᠦᠳᠦᠷᠢᠯ ᠢ ᠦᠵᠡᠭᠦᠯᠦᠭᠰᠡᠨ ᠮᠥᠷᠲᠡᠭᠡᠨ ᠼᠠᠢ ᠸᠧᠨ ᠵᠢᠢ ᠶᠢᠨ ᠨᠢᠭᠡ ᠨᠠᠰᠤᠨ ᠤ ᠬᠠᠶᠢᠷ᠎ᠠ ᠬᠤᠷᠣᠰᠤᠯ ᠤᠨ ᠵᠠᠭᠤᠷᠠᠯᠳᠤᠭᠠᠨ ᠪᠠ ᠦᠨᠳᠦᠰᠦᠲᠡᠨ ᠤ ᠠᠭᠤᠰᠤᠯᠴᠠᠯ ᠢ ᠠᠬᠢᠭᠤᠯᠤᠭᠰᠠᠨ ᠬᠤᠶᠠᠷ ᠦᠯᠢᠭᠡᠷ ᠤᠨ ᠰᠦᠪᠡᠭᠴᠢ ᠳᠤ ᠠᠩᠬᠠᠷᠤᠯ ᠢᠶᠠᠨ ᠬᠠᠨᠳᠤᠭᠤᠯᠵᠤ᠂ ᠤᠷᠪᠠᠭᠠᠨ ᠬᠥᠷᠪᠡᠭᠡᠨ ᠲᠠᠢ᠂ ᠬᠥᠮᠥᠰ ᠤᠨ ᠰᠡᠳᠬᠢᠯ ᠢ ᠬᠥᠳᠡᠯᠭᠡᠮ᠎ᠡ ᠵᠦᠴᠦᠭᠡ  ᠶᠢᠨ ᠥᠯᠢᠭᠡᠷ ᠢ ᠵᠣᠬᠢᠶᠠᠨ ᠪᠦᠲᠦᠭᠡᠵᠡᠢ᠃ ᠵᠦᠴᠦᠭᠡ ᠶᠢ ᠵᠣᠬᠢᠶᠠᠨ ᠪᠦᠲᠦᠭᠡᠬᠦ ᠪᠠᠭ ᠤᠨ ᠬᠢᠨ ᠪᠥᠵᠢᠭᠲᠦ ᠵᠦᠴᠦᠭᠡ  ᠶᠢᠨ ᠬᠤᠰᠢᠭᠤᠴᠢ ᠵᠣᠬᠢᠶᠠᠨ ᠪᠦᠲᠦᠭᠡᠯᠭᠡ ᠶᠢᠨ ᠦᠵᠡᠯ ᠰᠠᠨᠠᠭ᠎ᠠ ᠶᠢ ᠤᠮᠠᠷᠠᠲᠤ ᠬᠢᠯᠢ ᠶᠢᠨ ᠰᠣᠶᠣᠯ ᠲᠠᠢ ᠠᠭᠤᠰᠤᠯᠴᠠᠭᠤᠯᠵᠤ᠂ ᠳᠠᠭᠤᠤ ᠬᠥᠭᠵᠢᠮ᠂ ᠲᠠᠶᠢᠰᠠᠨ ᠤ ᠵᠠᠰᠠᠯ ᠤᠷᠠᠯᠠᠯ᠂ ᠬᠤᠪᠴᠠᠰᠤ ᠬᠤᠨᠠᠷ᠂ ᠪᠠᠭᠠᠵᠢ ᠬᠡᠷᠡᠭᠰᠡᠯ ᠵᠡᠷᠭᠡ ᠲᠠᠯ᠎ᠠ ᠪᠠᠷ ᠰᠢᠷᠭᠠᠭᠠᠨ ᠪᠤᠯᠪᠠᠰᠤᠷᠠᠭᠤᠯᠵᠦ᠂ ᠵᠦᠴᠦᠭᠡ ᠶᠢᠨ ᠥᠪᠡᠷᠮᠢᠴᠡ ᠤᠷᠠᠯᠢᠭ ᠤᠨ ᠷᠢᠳᠢ ᠰᠢᠳᠢ ᠶᠢ ᠪᠠᠳᠠᠷᠠᠭᠤᠯᠪᠠ᠃     2023 ᠣᠨ ᠤ 10 ᠰᠠᠷ᠎ᠠ ᠳᠤ ᠠᠩᠬ᠎ᠠ ᠲᠣᠭᠯᠠᠭᠰᠠᠨ ᠠᠴᠠ ᠨᠠᠭᠠᠰᠢ  ᠪᠥᠵᠢᠭᠲᠦ ᠵᠦᠴᠦᠭᠡ ︽ᠴᠤᠭᠤᠷ  ᠤᠨ ᠠᠷᠪᠠᠨ ᠨᠠᠢᠮᠠᠨ ᠠᠶᠠᠯᠭᠤ︾ ᠨᠢ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠪᠠ ᠤᠷᠠᠯᠢᠭ ᠤᠨ ᠰᠣᠳᠣᠨ ᠰᠢᠨᠵᠢ ᠪᠠᠷ ᠢᠶᠠᠨ ᠨᠡᠶᠢᠭᠡᠮ ᠨᠡᠶᠢᠳᠡ ᠶᠢᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠠᠢ᠃ ᠲᠤᠰ ᠵᠦᠴᠦᠭᠡ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠭᠤᠣᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠥᠷᠥᠯ ᠵᠦᠢᠯ᠂ ᠪᠡᠭᠡᠵᠢᠩ ᠬᠤᠲᠠ ᠶᠢᠨ ᠲᠣᠬᠯᠠᠯᠲᠠ ᠶᠢᠨ ᠤᠷᠠᠯᠢᠭ ᠤᠨ ᠦᠢᠯᠡᠴᠢᠯᠡᠭᠡᠨ ᠤ ᠲᠠᠪᠴᠠᠩ ᠤᠨ ᠰᠣᠳᠣᠨ ᠲᠣᠬᠯᠠᠯᠲᠠ ᠶᠢᠨ ᠲᠥᠷᠥᠯ ᠵᠦᠢᠯ᠂ ᠤᠯᠤᠰ ᠤᠨ ᠤᠷᠠᠯᠢᠭ ᠤᠨ ᠰᠠᠭᠤᠷᠢ ᠮᠥᠩᠭᠦ ᠶᠢᠨ 2025 ᠣᠨ ᠤ ᠲᠡᠳᠬᠦᠨ ᠳᠡᠮᠵᠢᠬᠦ ᠲᠦᠷᠦᠯ ᠵᠦᠢᠯ ᠳᠤ ᠰᠣᠩᠭᠤᠭᠳᠠᠵᠤ᠂ ᠤᠷᠢᠳ ᠬᠤᠵᠢᠳ ᠮᠦᠭᠳᠡᠨ᠂ ᠹᠦᠵᠧᠦ᠂ ᠰᠢᠶᠠᠮᠧᠨ᠂ ᠨᠠᠨᠨᠢᠩ᠂ ᠨᠠᠨᠲ᠋ᠦ᠋ᠩ᠂ ᠰᠦᠵᠧᠦ᠂ ᠴᠦᠩᠴᠢᠩ ᠵᠡᠷᠭᠡ 10 ᠭᠠᠷᠤᠢ ᠬᠤᠲᠠ ᠳᠤ 27 ᠳᠠᠯᠠᠪᠠᠢ ᠲᠤᠬᠯᠠᠯᠳᠠ ᠭᠠᠷᠭᠠᠨ᠂ ᠤᠮᠠᠷᠠᠲᠤ ᠬᠢᠯᠢ ᠶᠢᠨ ᠲᠡᠦᠬᠡ ᠰᠣᠶᠣᠯ ᠤᠨ ᠡᠴᠢᠨ᠎ᠡ ᠭᠠᠶᠢᠬᠠᠮᠰᠢᠭ ᠵᠢᠴᠢ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠠᠷᠠᠭᠤᠯᠵᠤ᠂ ᠪᠦᠭᠦ ᠤᠯᠤᠰ ᠤᠨ ᠦᠵᠡᠭᠴᠢᠳ ᠤᠨ ᠬᠦᠷᠢᠶᠡᠯᠡᠯ ᠢ ᠣᠯᠣᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号