ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠲᠤᠰᠢᠶᠠᠯᠲᠠᠨ ᠤ ᠰᠢᠯᠢᠨ ᠰᠣᠩᠭᠤᠬᠤ | ᠵᠥᠪᠯᠡᠯ ᠪᠠᠶᠢᠭᠤᠯᠤᠭᠳᠠᠬᠤ ᠬᠤᠷᠠᠯ ᠪᠠ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠥᠪᠡᠷᠲᠡᠭᠡᠨ ᠵᠠᠰᠠᠬᠤ | ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠶᠠᠪᠤᠭᠳᠠᠪᠠ᠃ ᠬᠤᠷᠠᠯ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠲᠤᠰᠢᠶᠠᠯᠲᠠᠨ ᠤ ᠰᠢᠯᠢᠨ ᠰᠣᠩᠭᠤᠬᠤ ᠵᠥᠪᠯᠡᠯ ᠤᠨ ᠳᠦᠷᠢᠮ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠲᠤᠰᠢᠶᠠᠯᠲᠠᠨ ᠤ ᠰᠢᠯᠢᠨ ᠰᠣᠩᠭᠤᠬᠤ | ᠵᠥᠪᠯᠡᠯ ᠤᠨ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠵᠥᠪᠯᠡᠯ ᠤᠨ ᠰᠠᠨᠠᠭᠤᠯᠭ᠎ᠠ ᠶᠢᠨ ᠵᠢᠱᠢᠭᠳᠡᠭᠴᠢ︾ ᠶᠢ | ᠬᠢᠨᠠᠨ ᠵᠥᠪᠯᠡᠨ ᠪᠠᠲᠤᠯᠠᠵᠤ᠂ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠣᠷᠣᠨ ᠲᠣᠭᠠᠨ ᠳᠤ ᠣᠷᠣᠭᠰᠠᠨ | 101 ᠪᠠᠶᠢᠴᠠᠭᠠᠬᠤ ᠲᠤᠰᠢᠶᠠᠯᠲᠠᠨ ᠪᠠ ᠣᠷᠣᠨ ᠲᠣᠭᠠᠨ ᠳᠤ ᠨᠥᠬᠦᠪᠦᠷᠢᠯᠡᠨ ᠤᠷᠤᠭᠤᠯᠬᠤ ᠪᠠᠶᠢᠴᠠᠭᠠᠬᠤ | ᠲᠤᠰᠢᠶᠠᠯᠲᠠᠨ ᠤ 112 ᠵᠢᠱᠢᠭᠳᠡᠭᠴᠢ ᠶᠢ ᠰᠣᠩᠭᠤᠨ ᠪᠠᠲᠤᠯᠠᠵᠠᠢ᠃ | ᠬᠤᠷᠠᠯ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠲᠤᠰᠢᠶᠠᠯᠲᠠᠨ ᠤ | ᠰᠢᠯᠢᠨ ᠰᠣᠩᠭᠤᠬᠤ ᠵᠥᠪᠯᠡᠯ ᠤᠨ ᠭᠡᠰᠢᠭᠦᠨ ᠢ ᠤᠷᠢᠨ ᠲᠣᠮᠢᠯᠠᠬᠤ ᠲᠤᠬᠠᠢ ᠲᠣᠭᠲᠠᠭᠠᠯ︾ ᠢ ᠨᠡᠶᠢᠲᠡᠯᠡᠵᠡᠢ᠃ ᠬᠤᠷᠠᠯ | ᠠᠴᠠ᠂ ᠤᠯᠤᠰ ᠲᠦᠷᠦ ᠶᠢᠨ ᠵᠣᠭᠰᠣᠯᠲᠠ ᠪᠠᠨ ᠳᠡᠭᠡᠭᠰᠢᠯᠡᠭᠦᠯᠦᠨ᠂ ᠵᠥᠪᠯᠡᠯ ᠪᠠᠶᠢᠭᠤᠯᠤᠭᠰᠠᠨ ᠤ ᠴᠢᠬᠤᠯᠠ ᠠᠴᠢ | ᠬᠤᠯᠪᠣᠭᠳᠠᠯ ᠢ ᠭᠦᠨᠵᠡᠭᠡᠢ ᠲᠠᠨᠢᠬᠤ ᠭᠡᠷᠡᠭᠳᠡᠢ; ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠳᠠᠭᠠᠨ | ᠰᠠᠭᠤᠷᠢᠯᠠᠨ᠂ ᠵᠥᠪᠯᠡᠯ ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠭᠡᠷᠡᠭᠳᠡᠢ; ᠲᠤᠰ | ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠵᠥᠪᠯᠡᠯ ᠤᠨ ᠭᠡᠰᠢᠭᠦᠳ ᠤᠨ ᠲᠤᠰᠬᠠᠢ ᠮᠡᠷᠭᠡᠵᠢᠯ ᠤᠨ ᠲᠦᠪᠰᠢᠨ | ᠪᠠ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠦᠨᠡᠨ ᠬᠦ ᠲᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠲᠤᠰᠢᠶᠠᠯᠲᠠᠨ ᠤ ᠰᠢᠯᠢᠨ ᠰᠣᠩᠭᠤᠬᠤ ᠵᠥᠪᠯᠡᠯ ᠳᠤ ᠬᠢᠨᠠᠨ | ᠲᠣᠭᠲᠠᠭᠠᠬᠤ ᠲᠤᠰᠬᠠᠢ ᠮᠡᠷᠭᠡᠵᠢᠯᠲᠡᠨ ᠭᠡᠰᠢᠭᠦᠨ ᠤ ᠬᠥᠮᠥᠷᠭᠡ ᠭᠠᠷᠭᠠᠨ᠂ ᠨᠡᠷᠡᠳᠦ ᠪᠠᠶᠢᠴᠠᠭᠠᠬᠤ ᠲᠤᠰᠢᠶᠠᠯᠲᠠᠨ᠂ | ᠬᠠᠤᠯᠢ ᠶᠢᠨ ᠤᠬᠠᠭᠠᠨ ᠤ ᠲᠤᠰᠬᠠᠢ ᠮᠡᠷᠭᠡᠵᠢᠯᠲᠡᠨ ᠪᠠ ᠬᠠᠤᠯᠢᠴᠢ ᠶᠢᠨ ᠲᠥᠯᠥᠭᠡᠯᠡᠭᠴᠢ ᠪᠠᠷ ᠪᠦᠷᠢᠯᠳᠦᠵᠦ᠂ ᠰᠢᠯᠢᠨ | ᠰᠣᠩᠭᠤᠬᠤ ᠵᠥᠪᠯᠡᠯ ᠤᠨ ᠠᠩᠬ᠎ᠠ ᠲᠣᠮᠢᠯᠠᠭᠰᠠᠨ ᠪᠠᠶᠢᠴᠠᠭᠠᠬᠤ ᠲᠤᠰᠢᠶᠠᠯᠲᠠᠨ ᠤ ᠲᠤᠰᠬᠠᠢ ᠮᠡᠷᠭᠡᠵᠢᠯ ᠢ ᠬᠢᠨᠠᠨ | ᠬᠠᠷᠭᠤᠭᠤᠯᠬᠤ ᠡᠭᠦᠷᠭᠡ ᠴᠢᠳᠠᠪᠬᠢ ᠶᠢ ᠭᠦᠢᠴᠡᠳᠬᠡᠨ᠂ ᠣᠷᠣᠨ ᠲᠣᠭᠠᠨ ᠳᠤ ᠣᠷᠣᠭᠰᠠᠨ ᠪᠠᠶᠢᠴᠠᠭᠠᠬᠤ ᠲᠤᠰᠢᠶᠠᠯᠲᠠᠨ | ᠢ ᠰᠢᠯᠢᠨ ᠰᠣᠩᠭᠤᠵᠤ ᠰᠢᠯᠭᠠᠨ ᠬᠢᠨᠠᠬᠤ ᠵᠡᠷᠭᠡ ᠠᠵᠢᠯ ᠳᠤ ᠪᠦᠭᠦ ᠲᠠᠯ᠎ᠠ ᠪᠠᠷ ᠣᠷᠤᠯᠴᠠᠬᠤ ᠪᠣᠯᠣᠨ᠎ᠠ᠃ |