2 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠤᠷᠠᠯ | ᠬᠤᠷᠠᠯᠳᠤᠭᠤᠯᠵᠤ᠂ ᠪᠦᠭᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠠᠪᠤᠷ ᠤᠨ ᠤᠯᠠᠷᠢᠯ ᠤᠨ ᠰᠤᠷᠤᠯᠭ᠎ᠠ | ᠡᠬᠢᠯᠡᠬᠦ ᠠᠮᠤᠷ ᠲᠦᠪᠰᠢᠨ ᠤ ᠠᠵᠢᠯ ᠢ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠥᠪᠡᠷ ᠥᠪᠡᠷ ᠤᠨ ᠪᠣᠳᠠᠲᠤ ᠪᠠᠶᠢᠳᠠᠯ ᠳᠠᠭᠠᠨ | ᠰᠠᠭᠤᠷᠢᠯᠠᠵᠤ᠂ ᠵᠠᠮ ᠬᠠᠷᠢᠯᠴᠠᠭ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠢᠳᠡᠭᠡᠨ ᠤᠮᠳᠠᠭᠠᠨ ᠵᠡᠷᠭᠡ | ᠭᠤᠣᠯᠳᠠᠯᠭ᠎ᠠ ᠲᠠᠢ ᠬᠦᠷᠢᠶ᠎ᠡ ᠪᠣᠯᠣᠨ ᠰᠤᠷᠤᠬᠴᠢᠳ ᠤᠨ ᠪᠠᠶᠢᠷᠢ᠂ ᠲᠤᠷᠰᠢᠯᠲᠠ ᠶᠢᠨ ᠲᠠᠰᠤᠭ᠂ ᠰᠣᠶᠣᠯ ᠲᠠᠮᠢᠷ ᠤᠨ | ᠲᠠᠯᠠᠪᠤᠷ ᠣᠷᠳᠣᠨ᠂ ᠪᠠᠶᠢᠭᠤᠯᠵᠤ ᠪᠠᠶᠢᠭ᠎ᠠ ᠪᠠᠷᠢᠯᠭ᠎ᠠ ᠵᠡᠷᠭᠡ ᠵᠠᠩᠭᠢᠯᠠᠭ᠎ᠠ ᠶᠢᠨ ᠣᠷᠣᠨ ᠪᠠᠶᠢᠷᠢ ᠶᠢ ᠴᠢᠩᠭ᠎ᠠ ᠠᠩᠬᠠᠷᠴᠤ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ | ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠰᠤᠷᠭᠠᠭᠤᠯᠢ ᠡᠬᠢᠯᠡᠬᠦ ᠶᠢᠨ | ᠤᠷᠢᠳ ᠬᠤᠵᠢᠳ ᠢᠶᠠᠷ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ | ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠪᠠᠶᠢᠭᠤᠯᠤᠮᠵᠢ ᠳᠤ ᠨᠢᠭᠡ ᠤᠳᠠᠭᠠᠨ ᠤ ᠠᠮᠤᠷ ᠲᠦᠪᠰᠢᠨ ᠤ ᠭᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ | ᠶᠡᠭᠡ ᠪᠠᠷ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠪᠠᠶᠢᠴᠠᠭᠠᠨ ᠭᠠᠷᠭᠠᠭᠰᠠᠨ ᠠᠰᠠᠭᠤᠳᠠᠯ ᠳᠤ | ᠴᠢᠭᠯᠡᠭᠦᠯᠦᠨ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠨᠠᠰᠤᠨ ᠳᠤ ᠥᠯᠥ ᠭᠦᠷᠦᠭᠰᠡᠳ ᠤᠨ ᠬᠠᠤᠯᠢ | ᠠᠴᠠ ᠵᠥᠷᠢᠴᠡᠨ ᠶᠠᠯ᠎ᠠ ᠬᠢᠬᠦ᠂ ᠪᠠᠭᠰᠢ ᠰᠣᠷᠣᠬᠴᠢ ᠶᠢᠨ ᠰᠡᠳᠬᠢᠴᠡ ᠶᠢᠨ ᠡᠷᠡᠭᠦᠯ ᠮᠡᠨᠳᠦ᠂ ᠭᠠᠯ ᠰᠡᠷᠭᠡᠶᠢᠯᠡᠵᠦ ᠭᠠᠯ | ᠤᠨᠲᠠᠷᠠᠭᠠᠬᠤ ᠠᠮᠤᠷ ᠲᠦᠪᠰᠢᠨ ᠤ ᠭᠡᠮ ᠰᠣᠭᠤᠭ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠤᠳᠤᠯᠤᠨ | ᠰᠢᠢᠳᠪᠦᠷᠢᠯᠡᠵᠦ᠂ ᠠᠰᠠᠭᠤᠳᠠᠯ ᠤᠨ ᠭᠡᠮ ᠰᠣᠭᠤᠭ ᠢ ᠪᠦᠲᠦᠮᠵᠢᠲᠡᠶ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ | ᠬᠤᠶᠠᠷ ᠲᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠪᠣᠳᠠᠲᠠᠢ ᠠᠳᠬᠤᠬᠤ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠣᠯᠣᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠭᠦ | ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ | ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠳᠣᠷᠣᠮᠵᠢᠯᠠᠯ ᠢ ᠰᠡᠷᠭᠡᠶᠢᠯᠡᠬᠦ᠂ ᠤᠰᠤᠨ ᠳᠤ ᠴᠠᠴᠠᠬᠤ ᠶᠢ ᠰᠡᠷᠭᠡᠶᠢᠯᠡᠬᠦ | ᠵᠡᠷᠭᠡ ᠲᠤᠰᠬᠠᠢ ᠠᠵᠢᠯᠯᠠᠭ᠎ᠠ ᠶᠢ ᠪᠦᠭᠦ ᠬᠦᠴᠦᠨ ᠢᠶᠠᠷ ᠢᠶᠠᠨ ᠥᠷᠨᠢᠭᠦᠯᠬᠦ ᠬᠡᠷᠡᠭᠲᠡᠢ᠃ ᠭᠤᠷᠪᠠ ᠳᠤ᠂ | ᠳᠤᠲᠠᠭᠤᠳᠠᠯ ᠢᠶᠠᠨ ᠠᠯᠢ ᠲᠦᠷᠭᠡᠨ ᠢᠶᠠᠷ ᠨᠥᠬᠦᠪᠦᠷᠢᠯᠡᠬᠦ ᠬᠡᠷᠡᠭᠲᠡᠢ᠃ ᠣᠳᠣᠬᠠᠨ ᠤ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠳᠦᠷᠢᠮ ᠤᠨ | ᠳᠤᠲᠠᠭᠤᠳᠠᠯ ᠢ ᠨᠥᠬᠦᠪᠦᠷᠢᠯᠡᠵᠦ᠂ ᠰᠤᠷᠭᠠᠭᠤᠯᠢ ᠳᠤ ᠬᠤᠯᠪᠣᠭᠳᠠᠬᠤ ᠰᠤᠷᠤᠬᠴᠢ ᠳᠤ ᠬᠤᠯᠪᠣᠭᠳᠠᠬᠤ ᠵᠥᠷᠢᠴᠡᠯ | ᠵᠠᠭᠤᠷᠠᠯᠳᠤᠭᠠᠨ ᠢ ᠬᠥᠳᠡᠯᠦᠩᠭᠦᠢ ᠪᠠᠷ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠵᠦ᠂ ᠬᠦᠨᠳᠦ ᠶᠡᠭᠡ ᠠᠶᠤᠯ | ᠲᠦᠭᠰᠢᠭᠦᠷᠢ ᠶᠢᠨ ᠭᠡᠮ ᠰᠣᠭᠤᠭ ᠢ ᠦᠷᠭᠦᠯᠵᠢᠯᠡᠨ ᠴᠡᠭᠴᠡᠯᠡᠨ ᠵᠠᠰᠠᠬᠤ ᠬᠡᠷᠡᠭᠲᠡᠢ ᠭᠡᠪᠡ᠃ | ᠬᠤᠷᠠᠯ ᠠᠴᠠ᠂ ᠡᠯ᠎ᠡ ᠭᠠᠵᠠᠷ ᠤᠨ ᠬᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ | ᠰᠤᠷᠭᠠᠭᠤᠯᠢ ᠶᠢᠨ ᠥᠪᠡᠷ ᠤᠨ ᠪᠠᠶᠢᠴᠠᠭᠠᠯᠲᠠ ᠶᠢ ᠴᠢᠩᠭ᠎ᠠ ᠵᠣᠬᠢᠶᠠᠨ ᠪᠠᠶᠢᠭᠤᠯᠬᠤ᠂ ᠬᠤᠰᠢᠭᠤ ᠰᠢᠶᠠᠨ ᠤ ᠨᠡᠶᠢᠳᠡᠮ | ᠪᠠᠶᠢᠴᠠᠭᠠᠯᠲᠠ ᠶᠢ ᠵᠣᠬᠢᠶᠠᠨ ᠪᠠᠶᠢᠭᠤᠯᠬᠤ᠂ ᠠᠶᠢᠮᠠᠭ ᠬᠤᠲᠠ ᠶᠢᠨ ᠳᠠᠯᠳᠠᠭᠤᠷ ᠰᠤᠷᠪᠤᠯᠵᠢᠯᠠᠵᠤ ᠰᠤᠭᠤᠴᠢᠨ | ᠪᠠᠶᠢᠴᠠᠭᠠᠬᠤ ᠶᠢ ᠠᠬᠢᠭᠤᠯᠵᠤ᠂ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ | ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |