︵ᠰᠤᠷᠪᠤᠯᠵᠢᠯᠠᠭᠴᠢ ᠰᠦᠩ ᠰᠢᠶᠠᠩ ᠬᠤᠸᠠ ᠯᠢᠶᠠᠩ ᠵᠢᠩ ᠱᠤ᠋ ᠴᠢᠮᠡᠭᠡᠯᠡᠭᠴᠢ ᠯᠢᠦ ᠯᠦ︶ ᠣᠶᠢᠷ᠎ᠠ ᠶᠢᠨ | ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ︽ ᠲᠦᠮᠡᠨ ᠮᠧᠭ᠎ᠠ ᠬᠡᠷᠡᠯ ᠰᠢᠷᠬᠡᠭ ᠤᠨ | ᠰᠦᠯᠵᠢᠶᠡᠨ ᠤ ᠲᠤᠷᠰᠢᠯᠲᠠ ᠶᠢᠨ ᠴᠡᠭ ᠤᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ︾ ᠢ ᠨᠡᠶᠢᠲᠡᠯᠡᠵᠦ᠂ ᠪᠦᠬᠦ | ᠤᠯᠤᠰ ᠤᠨ ᠨᠡᠶᠢᠲᠡ 168 ᠲᠥᠷᠥᠯ ᠵᠦᠢᠯ ᠨᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ | ᠠᠩᠬᠠᠳᠤᠭᠠᠷ ᠪᠦᠯᠦᠭ ᠲᠦᠮᠡᠨ ᠮᠧᠭ᠎ᠠ ᠬᠡᠷᠡᠯ ᠰᠢᠷᠬᠡᠭ ᠤᠨ ᠰᠦᠯᠵᠢᠶᠡᠨ ᠤ ᠲᠤᠷᠰᠢᠯᠲᠠ ᠶᠢᠨ ᠴᠡᠭ ᠲᠤ ᠣᠷᠣᠪᠠ᠂ | ᠡᠭᠦᠨ ᠳᠤ ᠬᠥᠬᠡᠬᠤᠲᠠ ᠶᠢᠨ 4 ᠲᠥᠷᠥᠯ ᠵᠦᠢᠯ ᠪᠠᠭᠲᠠᠵᠤ᠂ ᠪᠦᠬᠦ ᠣᠷᠣᠨ ᠤ ᠵᠢᠭᠰᠠᠭᠠᠯᠲᠠ ᠳᠤ ᠣᠷᠣᠭᠰᠠᠨ | ᠶᠡᠷᠦᠩᠬᠡᠢ ᠲᠣᠭᠠᠨ ᠤ 80% ᠶᠢ ᠡᠵᠡᠯᠡᠪᠡ᠃ | ᠡᠨᠡ ᠵᠢᠯ ᠤᠨ 2 ᠳ᠋ᠤᠭᠠᠷ ᠰᠠᠷ᠎ᠠ ᠳᠤ᠂ ︽ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ | ᠠᠯᠪᠠᠨ ᠲᠢᠩᠬᠢᠮ ᠤᠨ ᠲᠦᠮᠡᠨ ᠮᠧᠭ᠎ᠠ ᠬᠡᠷᠡᠯ ᠰᠢᠷᠬᠡᠭ ᠤᠨ ᠰᠦᠯᠵᠢᠶᠡᠨ ᠤ ᠲᠤᠷᠰᠢᠯᠲᠠ ᠶᠢᠨ ᠠᠵᠢᠯ ᠢ ᠥᠷᠨᠢᠭᠦᠯᠬᠦ | ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠬᠠᠮᠤᠭ ᠲᠦᠷᠦᠭᠦᠨ ᠳᠤ ᠭᠤᠷᠪᠠᠨ ᠲᠣᠮᠣ ᠡᠵᠡᠩᠨᠡᠯᠲᠡ ᠶᠢᠨ ᠠᠵᠤ ᠠᠬᠤᠶᠢᠯᠠᠯ᠂ ᠡᠯ᠎ᠡ | ᠭᠠᠵᠠᠷ ᠣᠷᠣᠨ᠂ ᠬᠦᠷᠢᠶᠡᠯᠡᠩ ᠲᠣᠭᠤᠷᠢᠭ ᠵᠢᠴᠢ ᠬᠡᠰᠡᠭ ᠭᠤᠣᠯᠳᠠᠯᠭ᠎ᠠ ᠲᠠᠢ ᠠᠵᠤ ᠦᠢᠯᠡᠳᠪᠦᠷᠢ ᠠᠵᠤ | ᠠᠬᠤᠶᠢᠯᠠᠯ ᠲᠠᠢ ᠵᠣᠯᠭᠠᠵᠤ᠂ ᠡᠯ᠎ᠡ ᠭᠠᠵᠠᠷ ᠣᠷᠣᠨ ᠤ ᠴᠢᠮᠡᠭᠡ ᠬᠤᠯᠪᠣᠭᠠᠨ ᠤ ᠰᠦᠯᠵᠢᠶᠡᠨ ᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠭᠤᠶᠤᠴᠢᠯᠠᠨ ᠮᠡᠳᠡᠭᠦᠯᠬᠦ | ᠨᠥᠬᠦᠴᠡᠯ ᠳᠤ ᠨᠡᠶᠢᠴᠡᠭᠰᠡᠨ ᠬᠦᠷᠢᠶᠡᠯᠡᠩ ᠲᠣᠭᠤᠷᠢᠭ᠂ ᠦᠢᠯᠡᠳᠪᠦᠷᠢ᠂ ᠬᠤᠷᠢᠶᠠᠯᠠᠯ ᠢ ᠡᠮᠬᠢᠯᠡᠨ ᠲᠢᠭᠯᠡᠪᠡ᠃ ᠭᠤᠷᠪᠠᠨ | ᠶᠡᠭᠡ ᠡᠵᠡᠩᠨᠡᠯᠲᠡ ᠶᠢᠨ ᠠᠵᠤ ᠠᠬᠤᠶᠢᠯᠠᠯ ᠵᠢᠴᠢ ᠬᠤᠷᠢᠨᠭᠡᠷ ᠰᠢᠨ᠎ᠡ ᠲᠣᠭᠤᠷᠢᠭ ᠤᠨ ᠬᠦᠴᠦᠲᠡᠢ ᠬᠠᠮᠵᠢᠯᠴᠠᠭ᠎ᠠ | ᠳᠣᠣᠷ᠎ᠠ᠂ ᠪᠥᠬᠦ ᠬᠤᠲᠠ ᠳᠤ ᠨᠡᠶᠢᠲᠡ 6 ᠲᠥᠷᠥᠯ ᠵᠦᠢᠯ ᠢ ᠲᠦᠮᠡᠨ ᠮᠧᠭ᠎ᠠ ᠬᠡᠷᠡᠯ ᠰᠢᠷᠬᠡᠭ ᠤᠨ ᠰᠦᠯᠵᠢᠶᠡᠨ ᠤ | ᠲᠤᠷᠰᠢᠯᠲᠠ ᠶᠢᠨ ᠴᠡᠭ ᠢᠶᠠᠷ ᠭᠤᠶᠤᠴᠢᠯᠠᠨ ᠮᠡᠳᠡᠭᠦᠯᠪᠡ᠃ ᠡᠴᠦᠰ ᠲᠤ᠂ ᠬᠤᠷᠢᠨᠭᠡᠷ ᠰᠢᠨ᠎ᠡ ᠲᠣᠭᠤᠷᠢᠭ ︽ᠲᠦᠮᠡᠨ | ᠮᠧᠭ᠎ᠠ ᠶᠢᠨ ᠬᠦᠷᠢᠶᠡᠯᠡᠩ ᠲᠣᠭᠤᠷᠢᠭ︾ ᠢᠶᠠᠷ ᠦᠨᠡᠯᠡᠭᠳᠡᠵᠦ᠂ ᠮᠧᠩ ᠨᠢᠦ ᠰᠦ ᠶᠢᠨ ᠦᠢᠯᠡᠰ ︽ᠲᠦᠮᠡᠨ ᠮᠧᠭ᠎ᠠ ᠶᠢᠨ | ᠦᠢᠯᠡᠳᠪᠦᠷᠢ︾ ᠪᠠᠷ ᠦᠨᠡᠯᠡᠭᠳᠡᠵᠦ᠂ ᠬᠥᠬᠡᠬᠤᠲᠠ ᠶᠢᠨ ᠿᠧᠨ ᠼᠠᠢ ᠵᠢᠶᠠ ᠶᠤᠸᠠᠨ᠂ ᠸᠠᠨ ᠶᠢᠨ ᠶᠦᠨ ᠰᠢ ︽ᠲᠦᠮᠡᠨ | ᠮᠧᠭ᠎ᠠ ᠶᠢᠨ ᠬᠤᠷᠢᠶᠠᠯᠠᠯ︾ ᠢᠶᠠᠷ ᠦᠨᠡᠯᠡᠭᠳᠡᠪᠡ᠃ | ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠨᠢ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠵᠤ᠂ 4 ᠲᠤᠷᠰᠢᠯᠲᠠ ᠶᠢᠨ ᠴᠡᠭ ᠤᠨ ᠲᠥᠷᠥᠯ ᠵᠦᠢᠯ ᠢ | ᠮᠡᠳᠡᠭᠦᠯᠦᠭᠰᠡᠨ ᠬᠠᠷᠠᠯᠲᠠ ᠶᠣᠰᠣᠭᠠᠷ ᠲᠦᠷᠭᠡᠳᠬᠡᠨ ᠪᠠᠶᠢᠭᠤᠯᠵᠤ᠂ 50G - PON ᠭᠤᠣᠯᠳᠠᠯᠭ᠎ᠠ ᠲᠠᠢ ᠲᠠᠯᠠᠪᠤᠷ | ᠭᠠᠵᠠᠷ ᠢ ᠪᠦᠷᠬᠦᠬᠦ᠂ 7 ᠳ᠋ᠤᠭᠠᠷ ᠦᠶ᠎ᠡ ᠶᠢᠨ ᠤᠲᠠᠰᠤ ᠦᠭᠡᠢ ᠬᠡᠰᠡᠭᠯᠡᠯ ᠰᠦᠯᠵᠢᠶᠡᠨ ᠤ ᠪᠦᠷᠬᠦᠯᠲᠡ᠂ ᠲᠦᠮᠡᠨ | ᠮᠧᠭ᠎ᠠ ᠳᠤ ᠬᠠᠨᠳᠤᠭᠤᠯᠤᠭᠰᠠᠨ FTH᠂ FTR ᠠᠬᠤᠢ ᠪᠠᠶᠢᠳᠠᠯ ᠤᠨ ᠬᠡᠷᠡᠭᠯᠡᠯᠲᠡ᠂ ᠳᠡᠭᠡᠳᠦ ᠬᠤᠷᠳᠤᠴᠠᠲᠤ | OTN ᠲᠤᠰᠬᠠᠢ ᠱᠤᠭᠤᠮ ᠤᠨ ᠬᠤᠯᠪᠣᠭ᠎ᠠ ᠵᠡᠷᠭᠡ ᠲᠤᠷᠰᠢᠯᠲᠠ ᠶᠢᠨ ᠴᠡᠭ ᠤᠨ ᠬᠠᠷᠠᠯᠲᠠ ᠶᠢ ᠴᠠᠭ ᠲᠤᠬᠠᠢ ᠳᠤᠨᠢ | ᠪᠡᠶᠡᠯᠡᠭᠦᠯᠬᠦ ᠶᠢ ᠪᠠᠲᠤᠯᠠᠵᠤ᠂ ᠲᠦᠮᠡᠨ ᠮᠧᠭ᠎ᠠ ᠬᠡᠷᠡᠯ ᠰᠢᠷᠬᠡᠭ ᠤᠨ ᠰᠦᠯᠵᠢᠶᠡᠨ ᠤ ᠲᠤᠷᠰᠢᠯᠲᠠ ᠶᠢᠨ ᠴᠡᠭ ᠤᠨ | ᠬᠡᠷᠡᠭᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠪᠥᠬᠦ ᠬᠤᠲᠠ ᠶᠢᠨ ᠰᠦᠯᠵᠢᠶᠡᠨ ᠤ ᠬᠡᠲᠦ ᠥᠨᠳᠥᠷ ᠬᠤᠷᠳᠤᠴᠠ᠂ | ᠶᠡᠭᠡ ᠪᠠᠭᠲᠠᠭᠠᠮᠵᠢ᠂ ᠣᠶᠤᠨᠴᠢᠯᠠᠭᠰᠠᠨ ᠲᠠᠰ ᠳᠡᠪᠰᠢᠬᠤ ᠲᠡᠶᠢᠰᠢ ᠬᠥᠭᠵᠢᠬᠦ ᠶᠢ ᠠᠬᠢᠭᠤᠯᠤᠨ᠎ᠠ᠃ |