ᠬᠥᠬᠡᠬᠤᠲᠠ ᠶᠢᠨ ᠳᠥᠷᠪᠡᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2025/4/12
    ︵ᠰᠤᠷᠪᠤᠯᠵᠢᠯᠠᠭᠴᠢ ᠶᠠᠩ ᠶᠦᠩ ᠭᠠᠩ ᠦ᠋ ᠽᠢ ᠰᠢᠤᠸᠠᠨ︶ ᠣᠶᠢᠷ᠎ᠠ ᠳᠤ᠂ 2025 ᠣᠨ ᠳᠤ ᠠᠵᠤ ᠦᠢᠯᠡᠳᠪᠦᠷᠢ ᠶᠢᠨ ᠵᠥᠭᠡᠯᠡᠨ ᠲᠣᠨᠤᠭ᠂ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠲᠣᠨᠤᠭ ᠲᠥᠬᠦᠭᠡᠷᠦᠮᠵᠢ᠂ ᠬᠡᠶᠢᠰᠪᠦᠷᠢ ᠴᠠᠬᠢᠯᠭᠠᠨ ᠦᠢᠯᠡᠳᠪᠦᠷᠢ᠂ ᠰᠦᠯᠵᠢᠶᠡᠨ ᠤ ᠣᠷᠣᠨ ᠵᠠᠢ ᠶᠢᠨ ᠠᠮᠤᠷ ᠲᠦᠪᠰᠢᠨ ᠵᠡᠷᠭᠡ 4 ᠲᠦᠷᠦᠭᠦᠤ ᠪᠦᠯᠦᠭ ᠤᠨ ᠬᠥᠬᠡᠬᠤᠲᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠳᠠᠩᠰᠠᠯᠠᠭᠤᠯᠵᠤ᠂ ᠡᠨᠡ ᠨᠢ ᠬᠥᠬᠡᠬᠤᠲᠠ ︽ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢᠨ ᠳᠠᠭᠠᠭᠤᠯᠭ᠎ᠠ ᠳᠣᠣᠷ᠎ᠠ᠂ ᠶᠠᠭ ᠠᠵᠢᠯ ᠲᠥᠷᠥᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠷᠢᠰᠢᠭᠤᠯᠵᠤ᠂ ᠣᠯᠠᠨ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ ᠲᠤ ᠡᠨᠧᠷᠭᠢ ᠣᠯᠭᠤᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠢ ᠬᠠᠷᠠᠭᠤᠯᠵᠤ ᠪᠠᠶᠢᠨ᠎ᠠ᠃           ᠡᠨᠡ 4 ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ︽ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠬᠦ᠂ ᠲᠥᠷᠥᠯ ᠬᠤᠪᠢᠶᠠᠨ ᠵᠢᠯᠤᠭᠤᠳᠬᠤ᠂ ᠡᠬᠢ ᠪᠠᠶᠠᠯᠢᠭ ᠢ ᠨᠡᠶᠢᠳᠬᠡᠬᠦ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ᠂ ᠬᠠᠮᠵᠢᠯᠴᠠᠨ ᠰᠢᠨ᠎ᠡ ᠶᠢ ᠡᠭᠦᠳᠬᠦ︾ ᠪᠦᠲᠦᠭᠡᠨ ᠪᠠᠶᠢᠭᠤᠯᠤᠯᠲᠠ ᠶᠢᠨ ᠵᠠᠷᠴᠢᠮ ᠢ ᠴᠢᠩᠭ᠎ᠠ ᠵᠢᠷᠤᠮᠯᠠᠨ᠂ ︽ᠪᠣᠯᠪᠠᠰᠤᠷᠠᠩᠭᠤᠢ ᠪᠣᠯᠤᠭᠰᠠᠨ ᠳᠠᠷᠤᠢ ᠪᠦᠲᠦᠭᠡᠨ ᠪᠠᠶᠢᠭᠤᠯᠬᠤ︾ ᠣᠨᠣᠯᠵᠢᠬᠤᠨ ᠢ ᠪᠠᠷᠢᠮᠲᠠᠯᠠᠵᠤ᠂ ᠡᠯ᠎ᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠳᠤ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠣᠷᠣᠨ ᠤ ᠳᠣᠲᠣᠨ᠎ᠠ ᠭᠠᠳᠠᠨᠠᠬᠢ ᠳᠡᠭᠡᠳᠦ ᠳᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ ᠲᠥᠪᠯᠡᠷᠡᠭᠦᠯᠦᠨ᠂ ᠠᠵᠤ ᠦᠢᠯᠡᠰ ᠤᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠥᠷᠨᠢᠭᠦᠯᠵᠦ᠂ ᠮᠡᠷᠭᠡᠵᠢᠯ ᠤᠨ ᠪᠣᠭᠤᠮᠢ ᠶᠢ ᠰᠢᠪᠲᠤᠯᠤᠨ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠪᠡᠶᠡᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号