︵ᠰᠤᠷᠪᠤᠯᠵᠢᠯᠠᠭᠴᠢ ᠰᠦᠩ ᠰᠢᠶᠠᠩ ᠬᠤᠸᠠ︶ ᠡᠨᠡ ᠵᠢᠯ᠂ ᠬᠥᠬᠡᠬᠤᠲᠠ ᠶᠢᠨ ᠡᠳ᠋ ᠤᠨ ᠵᠠᠰᠠᠭ ᠠᠴᠠ ᠲᠤᠰᠬᠠᠢ | ᠲᠥᠷᠥᠯ ᠤᠨ ᠪᠡᠯᠡ ᠮᠥᠩᠭᠦ 1000 ᠲᠦᠮᠡᠨ ᠲᠥᠭᠦᠷᠢᠭ ᠣᠷᠣᠭᠤᠯᠵᠤ᠂ ᠰᠢᠨ᠎ᠡ ᠨᠢᠭᠡ ᠡᠭᠡᠯᠵᠢ ᠶᠢᠨ ᠠᠭᠤᠷᠬᠠᠢ | ᠬᠠᠶᠢᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ᠂ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠣᠷᠣᠨ ᠤ ᠳᠣᠲᠣᠷᠠᠬᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠪᠥᠬᠦ ᠬᠤᠲᠠ ᠶᠢᠨ ᠡᠯ᠎ᠡ ᠬᠤᠰᠢᠭᠤ ᠰᠢᠶᠠᠨ | ᠲᠣᠭᠤᠷᠢᠭ ᠤᠨ ᠮᠡᠳᠡᠭᠦᠯᠦᠭᠰᠡᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ 13 ᠲᠥᠷᠥᠯ ᠵᠦᠢᠯ ᠳᠤ | ᠰᠢᠨᠵᠢᠯᠡᠬᠦ ᠤᠬᠠᠭᠠᠨᠴᠢ ᠨᠤᠲᠠᠯᠠᠯᠲᠠ ᠪᠠ ᠶᠡᠷᠦᠩᠬᠡᠶᠢᠯᠡᠭᠰᠡᠨ ᠬᠤᠪᠢ ᠲᠣᠭᠲᠠᠭᠠᠪᠠ᠃ ᠴᠢᠩᠭ᠎ᠠ ᠬᠢᠨᠠᠨ | ᠲᠣᠭᠲᠠᠭᠠᠬᠤ ᠪᠠᠷ ᠳᠡᠮᠵᠢᠨ᠂ ᠨᠢᠭᠡᠳᠦᠭᠡᠷ ᠪᠦᠯᠦᠭ ᠤᠨ 10 ᠲᠥᠷᠥᠯ ᠵᠦᠢᠯ ᠢ ᠬᠢᠨᠠᠨ ᠪᠠᠶᠢᠴᠠᠭᠠᠯᠲᠠ ᠪᠠᠷ ᠳᠡᠮᠵᠢᠨ | ᠬᠥᠮᠥᠷᠭᠡ ᠳᠤ ᠣᠷᠣᠭᠤᠯᠵᠤ᠂ ᠣᠯᠠᠨ ᠲᠡᠮᠦᠷᠯᠢᠭ ᠤᠨ ᠠᠭᠤᠷᠬᠠᠢ ᠶᠢᠨ ᠭᠠᠷᠤᠯᠲᠠ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠠᠭᠤᠷᠬᠠᠢ ᠶᠢᠨ ᠭᠠᠷᠤᠯᠲᠠ ᠵᠢᠴᠢ ᠴᠡᠪᠡᠷ ᠡᠨᠧᠷᠭᠢ ᠵᠡᠷᠭᠡ ᠬᠦᠷᠢᠶ᠎ᠡ ᠶᠢ ᠬᠠᠮᠤᠷᠴᠠᠢ᠃ ᠲᠣᠰ ᠵᠢᠯ ᠤᠨ ᠪᠡᠯᠡ | ᠮᠥᠩᠭᠦ ᠶᠢᠨ ᠲᠥᠰᠥᠪ ᠪᠠ ᠬᠠᠷᠠᠯᠲᠠ ᠡᠭᠦᠷᠭᠡ ᠶᠢ ᠶᠡᠷᠦᠩᠬᠡᠶᠢᠯᠡᠨ ᠪᠣᠳᠣᠯᠬᠢᠯᠠᠵᠤ᠂ ᠦᠴᠦᠸᠠᠨ ᠰᠢᠶᠠᠨ ᠤ ᠬᠤᠶᠠᠷ | ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠬᠤ ᠲᠥᠷᠥᠯ ᠵᠦᠢᠯ ᠪᠠ ᠲᠣᠭᠲᠠᠬᠤ ᠰᠢᠶᠠᠨ ᠤ ᠲᠣᠰᠣ ᠬᠡᠢ | ᠡᠨᠧᠷᠭᠢ ᠶᠢᠨ ᠭᠠᠵᠠᠷ ᠵᠦᠢ ᠬᠠᠶᠢᠨ ᠬᠡᠮᠵᠢᠯᠲᠡ ᠶᠢᠨ 1 ᠲᠥᠷᠥᠯ ᠵᠦᠢᠯ ᠢ ᠲᠣᠰ ᠵᠢᠯ ᠤᠨ ᠲᠦᠷᠦᠭᠦᠦ ᠪᠦᠯᠦᠭ | ᠬᠥᠮᠥᠷᠭᠡ ᠠᠴᠠ ᠭᠠᠷᠭᠠᠬᠤ ᠲᠥᠷᠥᠯ ᠵᠦᠢᠯ ᠪᠣᠯᠭᠠᠵᠠᠢ᠃ | ᠣᠳᠣᠬᠠᠨ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢᠭᠡᠨᠲᠡ ᠰᠢᠨ᠎ᠡ ᠨᠢᠭᠡᠨ | ᠡᠭᠡᠯᠵᠢ ᠶᠢᠨ ᠠᠭᠤᠷᠬᠠᠢ ᠬᠠᠶᠢᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢᠨ ᠲᠥᠷᠥᠯ ᠵᠦᠢᠯ ︵ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ 3 ᠲᠥᠷᠥᠯ ᠵᠦᠢᠯ ᠢ ᠪᠠᠭᠲᠠᠭᠠᠨ᠎ᠠ︶ ᠤᠨ ᠳᠠᠭᠠᠭᠠᠴᠢᠯᠠᠯᠲᠠ ᠵᠠᠷᠯᠠᠬᠤ | ᠠᠯᠪᠠᠨ ᠵᠠᠷ ᠢ ᠵᠢᠩᠬᠢᠨᠢ ᠪᠠᠷ ᠨᠡᠶᠢᠲᠡᠯᠡᠪᠡ᠃ |