ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠯ ᠤᠨ ᠬᠤᠷᠠᠯ ᠦᠷᠨᠢᠭᠦᠯᠪᠡ
ᠨᠡᠶᠢᠲᠡᠯᠡᠭᠰᠡᠨ ᠴᠠᠭ᠄
2025/4/15
     ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠠᠷᠪᠠᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠡᠯ᠎ᠡ ᠲᠠᠰᠤᠭ ᠤᠨ ᠠᠵᠢᠯᠲᠠᠨ ᠵᠢᠴᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠪᠣᠯᠪᠠᠰᠤᠷᠠᠯ ᠤᠨ ᠬᠤᠷᠠᠯ ᠳᠤ ᠣᠷᠣᠯᠴᠠᠪᠠ᠃ ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ︾ ᠶᠢ ᠬᠠᠮᠲᠤ ᠪᠠᠷ ᠰᠤᠷᠤᠯᠴᠠᠪᠠ᠃
    ᠬᠤᠷᠠᠯ ᠠᠴᠠ᠂ ᠰᠦᠯᠵᠢᠶᠡᠨ ᠤ ᠠᠮᠤᠷ ᠲᠦᠪᠰᠢᠨ ᠪᠣᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠬᠤᠯᠠ ᠪᠠᠲᠤᠯᠠᠭ᠎ᠠ ᠮᠥᠨ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠪᠠ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠲᠠᠢ ᠬᠤᠯᠪᠣᠭᠳᠠᠵᠤ ᠪᠠᠶᠢᠳᠠᠭ᠃ ᠡᠳᠦᠷ ᠲᠤᠲᠤᠮ ᠤᠨ ᠠᠯᠪᠠᠯᠠᠬᠤ ᠶᠠᠪᠤᠴᠠ ᠳᠤ ᠦᠷᠭᠦᠯᠵᠢ ᠬᠠᠷᠠᠭᠳᠠᠳᠠᠭ ᠰᠦᠯᠵᠢᠶᠡᠨ ᠤ ᠠᠵᠢᠯᠯᠠᠭᠠᠨ᠂ ᠵᠢᠱᠢᠶᠡᠯᠡᠪᠡᠯ ᠰᠢᠤᠳᠠᠨ ᠤ ᠵᠦᠢᠯ ᠢ ᠬᠤᠷᠢᠶᠠᠨ ᠶᠠᠪᠤᠭᠤᠯᠬᠤ᠂ ᠪᠢᠴᠢᠭ ᠮᠠᠲ᠋ᠧᠷᠢᠶᠠᠯ ᠳᠠᠮᠵᠢᠭᠤᠯᠬᠤ᠂ ᠰᠢᠰᠲ᠋ᠧᠮ ᠳᠤ ᠲᠡᠮᠳᠡᠭᠯᠡᠬᠦ ᠵᠡᠷᠭᠡ ᠴᠥᠮ ᠰᠦᠯᠵᠢᠶᠡᠨ ᠤ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠃ ᠪᠦᠬᠦ ᠠᠵᠢᠯᠲᠠᠳ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠵᠥᠪ ᠣᠨᠣᠪᠴᠢᠲᠠᠢ ᠰᠦᠯᠵᠢᠶᠡᠨ ᠤ ᠠᠮᠤᠷ ᠲᠦᠪᠰᠢᠨ ᠤ ᠦᠵᠡᠯᠲᠡ ᠶᠢ ᠪᠤᠢ ᠪᠣᠯᠭᠠᠬᠤ ᠬᠡᠷᠡᠭᠲᠡᠢ︔ ᠬᠤᠶᠠᠷ ᠲᠤ᠂ ᠳᠦᠷᠢᠮ ᠢ ᠴᠢᠩᠭ᠎ᠠ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠰᠦᠯᠵᠢᠶᠡᠨ ᠤ ᠠᠮᠤᠷ ᠲᠦᠪᠰᠢᠨ ᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠡᠳᠦᠷ ᠲᠤᠳᠤᠮ ᠤᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ︔ ᠭᠤᠷᠪᠠ ᠳᠤ ᠰᠤᠷᠤᠯᠴᠠᠯᠭ᠎ᠠ ᠪᠠᠨ ᠴᠢᠩᠭᠠᠳᠬᠠᠵᠤ᠂ ᠲᠤᠰ ᠪᠡᠶ᠎ᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠡᠵᠡᠮᠰᠢᠵᠦ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠨᠡᠩ ᠪᠠᠲᠤ ᠪᠠᠬᠢ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃     ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠮᠠᠨ ᠤ ᠲᠣᠪᠴᠢᠶ᠎ᠠ ᠶᠢᠨ ᠨᠠᠮ ᠤᠨ ᠺᠠᠳ᠋ᠷᠴᠤᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠣᠶ ᠪᠣᠯᠭᠠᠵᠤ᠂ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠬᠤ᠂ ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠭᠰᠠᠨ ᠪᠠᠶᠢᠨ᠎ᠠ᠃     ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠰᠦᠯᠵᠢᠶᠡᠨ ᠤ ᠠᠮᠤᠷ ᠲᠦᠪᠰᠢᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠪᠠᠶᠢᠴᠠᠭᠠᠯᠲᠠ ᠪᠠ ᠪᠣᠯᠪᠠᠰᠤᠷᠠᠭᠤᠯᠤᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠵᠢᠯᠲᠠᠨ ᠤ ᠰᠦᠯᠵᠢᠶᠡᠨ ᠤ ᠠᠮᠤᠷ ᠲᠦᠪᠰᠢᠨ ᠤ ᠬᠡᠪ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠨᠳᠥᠷ ᠪᠦᠲᠦᠮᠵᠢᠲᠡᠶ᠂ ᠠᠮᠤᠷ ᠲᠦᠪᠰᠢᠨ ᠠᠵᠢᠯᠯᠠᠭᠠᠨ ᠢ ᠪᠠᠲᠤᠯᠠᠵᠤ᠂ ᠠᠮᠤᠷ ᠲᠦᠪᠰᠢᠨ᠂ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠳᠤ ᠨᠠᠩ ᠰᠠᠨᠠᠭ᠎ᠠ ᠠᠮᠤᠷ ᠦᠢᠯᠡᠴᠢᠯᠡᠭᠡ ᠡᠳ᠋ᠯᠡᠭᠦᠯᠦᠨ᠎ᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号