ᠰᠣᠯᠣᠨ ᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠭᠢᠯᠭᠠᠨ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠠᠵᠠᠷ ᠲᠠᠲᠠᠪᠤᠷᠢᠯᠠᠬᠤ ᠬᠡᠪᠴᠢᠶᠡᠨ ᠳᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠰᠢᠨ᠎ᠡ ᠪᠠᠷ ᠨᠡᠮᠡᠭᠳᠡᠭᠦᠯᠬᠦ ᠪᠠ ᠬᠥᠮᠥᠨ ᠠᠮᠠ ᠨᠡᠭᠦᠯᠭᠡᠨ ᠣᠷᠣᠭᠤᠯᠬᠤ ᠶᠢ ᠴᠠᠭᠠᠵᠠᠯᠠᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠬᠢᠩᠭᠠᠨ ᠠᠶᠢᠮᠠᠭ ᠤᠨ ᠵᠠᠬᠢᠷᠭ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ | ᠠᠯᠪᠠᠨ ᠭᠡᠷ᠂ ᠲᠢᠩᠬᠢᠮ᠂ ᠲᠣᠪᠴᠢᠶ᠎ᠠ᠄ | ᠰᠣᠯᠣᠨ ᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠭᠢᠯᠭᠠᠨ ᠥᠷᠲᠡᠭᠡ ᠪᠣᠯ ᠥᠪᠡᠷᠲᠡᠭᠡᠨ ᠵᠠᠰᠠᠬᠤ | ᠣᠷᠣᠨ ᠤ ᠤᠰᠤ ᠲᠠᠲᠠᠵᠤ ᠡᠨᠧᠷᠭᠢ ᠬᠠᠳᠠᠭᠠᠯᠠᠬᠤ ᠪᠠᠶᠢᠷᠢᠰᠢᠭᠤᠯᠤᠯ ᠢ ᠰᠢᠯᠢᠳᠡᠭᠵᠢᠭᠦᠯᠦᠨ ᠲᠣᠬᠢᠷᠠᠭᠤᠯᠬᠤ | ᠲᠥᠰᠥᠯ ᠳᠤ ᠲᠣᠳᠣᠷᠬᠠᠶᠢᠯᠠᠭᠰᠠᠨ 2025 ᠣᠨ ᠤ ᠭᠤᠣᠯᠳᠠᠯᠭ᠎ᠠ ᠲᠠᠢ ᠬᠡᠷᠡᠭᠵᠢᠭᠦᠯᠬᠦ ᠲᠥᠷᠥᠯ ᠵᠦᠢᠯ ᠪᠣᠯᠣᠨ᠎ᠠ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠲᠠᠲᠠᠪᠤᠷᠢᠯᠠᠬᠤ ᠪᠠ ᠠᠷᠠᠳ ᠢ ᠨᠡᠭᠦᠯᠭᠡᠨ ᠲᠥᠪᠬᠢᠨᠡᠭᠦᠯᠬᠦ | ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠲᠣᠮᠣ ᠳᠤᠮᠳᠠ ᠭᠡᠯᠪᠡᠷᠢ ᠶᠢᠨ | ᠤᠰᠤᠨ ᠠᠰᠢᠭᠯᠠᠯᠲᠠ ᠤᠰᠤ ᠴᠠᠭᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠭᠠᠵᠠᠷ ᠲᠠᠲᠠᠪᠤᠷᠢᠯᠠᠬᠤ | ᠨᠥᠬᠦᠪᠦᠷᠢ ᠥᠭᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠵᠠᠷᠯᠢᠭ 679 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ | ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠰᠣᠯᠣᠨ ᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠭᠢᠯᠭᠠᠨ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠠᠵᠠᠷ ᠲᠠᠲᠠᠪᠤᠷᠢᠯᠠᠬᠤ ᠬᠡᠪᠴᠢᠶ᠎ᠡ᠄ ᠳᠡᠭᠡᠳᠦ ᠤᠰᠤᠨ ᠴᠥᠭᠦᠷᠥᠮ ᠨᠢ ᠡᠷᠭᠦᠭᠳᠡᠴᠡ ᠨᠢ 843 | ᠮᠧᠲᠷ ᠠᠴᠠ ᠳᠣᠷᠣᠭᠰᠢ ᠣᠷᠣᠨ; ᠳᠣᠣᠷᠠᠳᠤ ᠤᠰᠤᠨ ᠴᠥᠭᠦᠷᠥᠮ ᠨᠢ ᠡᠷᠭᠦᠭᠳᠡᠴᠡ ᠨᠢ 614 ᠮᠧᠲᠷ ᠠᠴᠠ | ᠳᠣᠷᠣᠭᠰᠢ ᠣᠷᠣᠨ; ᠵᠠᠩᠭᠢᠯᠠᠭ᠎ᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠬᠢᠨᠠᠨ | ᠲᠣᠭᠲᠠᠭᠠᠵᠤ ᠲᠣᠳᠣᠷᠬᠠᠶᠢᠯᠠᠭᠰᠠᠨ ᠪᠠᠷᠢᠯᠭ᠎ᠠ ᠪᠠᠷᠢᠬᠤ ᠬᠤᠷᠢᠭ᠎ᠠ ᠱᠤᠭᠤᠮ ᠤᠨ ᠬᠦᠷᠢᠶ᠎ᠡ ᠬᠡᠪᠴᠢᠶ᠎ᠡ ᠳᠤ | ᠬᠤᠯᠪᠣᠭᠳᠠᠪᠠᠯ᠂ ᠲᠤᠬᠠᠢ ᠶᠢᠨ ᠲᠠᠯᠠᠪᠠᠶ ᠳᠤ ᠲᠣᠭᠲᠠᠭᠠᠭᠰᠠᠨ ᠪᠠᠭᠠᠨ᠎ᠠ ᠪᠠᠷ ᠪᠠᠷᠢᠮᠵᠢᠶ᠎ᠠ ᠪᠣᠯᠭᠠᠨ᠎ᠠ᠃ | ᠬᠤᠶᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠰᠣᠯᠣᠨ ᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠭᠢᠯᠭᠠᠨ ᠥᠷᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠭᠠᠵᠠᠷ ᠲᠠᠲᠠᠪᠤᠷᠢᠯᠠᠬᠤ ᠬᠡᠪᠴᠢᠶᠡᠨ ᠳᠣᠲᠣᠷ᠎ᠠ ᠡᠯ᠎ᠡ ᠵᠦᠢᠯ ᠤᠨ ᠰᠠᠭᠤᠷᠢ ᠲᠥᠬᠦᠭᠡᠷᠦᠮᠵᠢ ︵ᠰᠤᠮᠤ ᠰᠢᠶᠠᠩ | ᠪᠠᠯᠭᠠᠰᠤ ᠶᠢᠨ ᠠᠵᠤ ᠠᠬᠤᠶᠢᠯᠠᠯ ᠪᠣᠯᠣᠨ ᠠᠷᠠᠳ ᠤᠨ ᠬᠡᠷᠡᠭᠯᠡᠭᠡᠨ ᠤ ᠣᠷᠣᠨ ᠰᠠᠭᠤᠴᠠ ᠪᠠᠭᠲᠠᠨ᠎ᠠ︶ ᠶᠢ | ᠵᠥᠪᠰᠢᠶᠡᠷᠡᠭᠦᠯᠦᠨ ᠪᠠᠶᠢᠭᠤᠯᠵᠤ ᠪᠤᠯᠬᠤ ᠦᠭᠡᠢ᠃ | ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠥᠨ ᠰᠣᠯᠣᠨ ᠤ ᠤᠰᠤ ᠲᠠᠲᠠᠵᠤ ᠡᠨᠧᠷᠭᠢ ᠬᠠᠳᠠᠭᠠᠯᠠᠬᠤ | ᠴᠠᠭᠢᠯᠭᠠᠨ ᠥᠷᠲᠡᠭᠡ ᠶᠢᠨ ᠭᠠᠵᠠᠷ ᠲᠠᠲᠠᠪᠤᠷᠢᠯᠠᠬᠤ ᠬᠡᠪᠴᠢᠶᠡᠨ ᠳᠤ ᠰᠢᠨ᠎ᠡ ᠪᠠᠷ ᠪᠠᠶᠢᠭᠤᠯᠬᠤ᠂ ᠥᠷᠭᠡᠳᠬᠡᠨ | ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠪᠠᠷᠢᠯᠭ᠎ᠠ ᠪᠠᠷᠢᠵᠤ ᠪᠤᠯᠬᠤ ᠦᠭᠡᠢ᠂ ᠭᠡᠷ ᠪᠠᠶᠢᠰᠢᠩ ᠵᠢᠴᠢ ᠪᠤᠰᠤᠳ | ᠲᠥᠬᠦᠭᠡᠷᠦᠮᠵᠢ ᠶᠢ ᠵᠠᠰᠠᠨ ᠪᠠᠶᠢᠭᠤᠯᠵᠤ ᠪᠤᠯᠬᠤ ᠦᠭᠡᠢ᠂ ᠤᠤᠯ ᠤᠨ ᠭᠠᠵᠠᠷ ᠤᠨ ᠲᠥᠷᠥᠯ ᠭᠡᠯᠪᠡᠷᠢ᠂ ᠭᠠᠵᠠᠷ ᠤᠨ | ᠭᠠᠳᠠᠷᠭᠤ ᠶᠢ ᠬᠤᠪᠢᠷᠠᠭᠤᠯᠵᠤ ᠪᠤᠯᠬᠤ ᠦᠭᠡᠢ᠂ ᠲᠠᠷᠢᠶᠠᠨ ᠭᠠᠵᠠᠷ᠂ ᠲᠠᠷᠢᠮᠠᠯ ᠤᠨ ᠭᠠᠵᠠᠷ ᠢ ᠵᠠᠪᠳᠤᠵᠤ | ᠬᠠᠭᠠᠯᠪᠤᠷᠢᠯᠠᠬᠤ ᠵᠢᠴᠢ ᠡᠯ᠎ᠡ ᠵᠦᠢᠯ ᠤᠨ ᠣᠯᠠᠨ ᠨᠠᠰᠤᠲᠤ ᠠᠵᠤ ᠠᠬᠤᠢ ᠶᠢᠨ ᠲᠠᠷᠢᠮᠠᠯ ᠪᠣᠯᠣᠨ ᠣᠶ ᠮᠣᠳᠣ ᠶᠢ | ᠵᠠᠪᠳᠤᠵᠤ ᠵᠠᠶᠢᠯᠠᠬᠤ ᠵᠡᠷᠭᠡ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ ᠪᠠ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ ᠬᠢᠵᠦ ᠪᠤᠯᠬᠤ ᠦᠭᠡᠢ᠃ | ᠳᠥᠷᠪᠡ᠂ ᠰᠣᠯᠣᠨ ᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠭᠢᠯᠭᠠᠨ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠢ ᠨᠡᠯᠢᠶᠡᠳ ᠤᠷᠲᠤ ᠪᠠᠶᠢᠬᠤ ᠶᠢ ᠪᠣᠳᠣᠯᠬᠢᠯᠠᠵᠤ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠠᠴᠠ ᠪᠣᠯᠵᠤ ᠲᠤᠬᠠᠢ ᠶᠢᠨ ᠭᠠᠵᠠᠷ ᠤᠨ ᠣᠯᠠᠨ ᠲᠦᠮᠡᠨ ᠤ ᠬᠡᠪ ᠤᠨ ᠦᠢᠯᠡᠳᠪᠦᠷᠢᠯᠡᠯ | ᠠᠮᠢᠳᠤᠷᠠᠯ ᠳᠤ ᠶᠡᠭᠡ ᠨᠥᠯᠥᠭᠡ ᠦᠵᠡᠭᠦᠯᠭᠦ ᠦᠭᠡᠢ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠲᠤᠬᠠᠢ ᠶᠢᠨ | ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠰᠢᠭᠤᠳ ᠬᠤᠯᠪᠣᠭᠳᠠᠬᠤ᠂ ᠦᠨᠡᠨᠬᠦ ᠪᠦᠲᠦᠭᠡᠨ | ᠪᠠᠶᠢᠭᠤᠯᠬᠤ ᠴᠢᠬᠤᠯᠠ ᠲᠠᠢ ᠲᠥᠷᠥᠯ ᠵᠦᠢᠯ ᠳᠤ ︽ᠲᠣᠮᠣ ᠳᠤᠮᠳᠠ ᠭᠡᠯᠪᠡᠷᠢ ᠶᠢᠨ ᠤᠰᠤᠨ ᠠᠰᠢᠭᠯᠠᠯᠲᠠ ᠤᠰᠤ | ᠴᠠᠭᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠭᠠᠵᠠᠷ ᠲᠠᠲᠠᠪᠤᠷᠢᠯᠠᠭᠰᠠᠨ ᠨᠥᠬᠦᠪᠦᠷᠢ ᠥᠭᠬᠦ ᠪᠠ | ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠪᠦᠲᠦᠭᠡᠨ ᠪᠠᠶᠢᠭᠤᠯᠵᠤ ᠪᠣᠯᠣᠨ᠎ᠠ᠃ | ᠲᠠᠪᠤ᠂ ᠰᠣᠯᠣᠨ ᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠭᠢᠯᠭᠠᠨ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠠᠵᠠᠷ ᠲᠠᠲᠠᠪᠤᠷᠢᠯᠠᠬᠤ ᠬᠡᠪᠴᠢᠶᠡᠨ ᠳᠣᠲᠣᠷᠠᠬᠢ ᠡᠷᠦᠭᠡ ᠠᠮᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠬᠥᠮᠥᠨ ᠠᠮᠠ ᠨᠡᠭᠦᠯᠭᠡᠵᠦ ᠣᠷᠣᠭᠤᠯᠬᠤ ᠶᠢ | ᠴᠢᠩᠭ᠎ᠠ ᠬᠢᠵᠠᠭᠠᠷᠯᠠᠬᠤ ᠬᠡᠷᠡᠭᠲᠡᠢ᠃ ᠰᠠᠶ᠋ᠢ ᠲᠥᠷᠥᠭᠰᠡᠳ᠂ ᠤᠷᠤᠭᠯᠠᠭᠰᠠᠳ᠂ ᠴᠡᠷᠢᠭ ᠠᠩᠭᠢ ᠠᠴᠠ ᠰᠢᠯᠵᠢᠭᠰᠡᠳ | ᠴᠡᠷᠢᠭ ᠠᠴᠠ ᠬᠠᠯᠠᠭᠳᠠᠭᠰᠠᠳ᠂ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠲᠡᠭᠦᠰᠦᠭᠰᠡᠳ᠂ ᠡᠷᠡᠭᠦᠦ ᠶᠢᠨ ᠰᠢᠢᠳᠬᠡᠯ ᠤᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠥᠰ | ᠵᠡᠷᠭᠡ ᠬᠠᠷᠢᠶ᠎ᠠ ᠣᠷᠣᠨ ᠳᠠᠭᠠᠨ ᠪᠤᠴᠠᠭᠰᠠᠳ ᠠᠴᠠ ᠪᠤᠰᠤᠳ ᠬᠥᠮᠥᠨ ᠠᠮᠠ ᠶᠢ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠨᠡᠭᠦᠯᠭᠡᠨ ᠣᠷᠣᠭᠤᠯᠬᠤ ᠭᠠᠷᠳᠠᠮ ᠢ | ᠭᠦᠢᠴᠡᠳᠬᠡᠵᠦ ᠪᠤᠯᠬᠤ ᠦᠭᠡᠢ᠃ | ᠵᠢᠷᠭᠤᠭ᠎ᠠ᠂ ᠪᠠᠷᠢᠯᠭ᠎ᠠ ᠶᠢᠨ ᠭᠠᠵᠠᠷ ᠲᠠᠲᠠᠪᠤᠷᠢᠯᠠᠨ ᠨᠡᠭᠦᠯᠭᠡᠬᠦ ᠵᠠᠪᠰᠢᠶᠠᠨ ᠢ ᠳᠠᠯᠢᠮᠳᠠᠭᠤᠯᠤᠨ ᠣᠯᠠᠨ ᠲᠦᠮᠡᠨ ᠢ | ᠥᠳᠥᠭᠡᠨ ᠬᠡᠷᠡᠭ ᠡᠳᠦᠭᠰᠡᠨ᠂ ᠭᠠᠵᠠᠷ ᠲᠠᠲᠠᠪᠤᠷᠢᠯᠠᠨ ᠨᠡᠭᠦᠯᠭᠡᠬᠦ ᠠᠵᠢᠯ ᠳᠤ ᠬᠠᠷᠰᠢ ᠰᠠᠭᠠᠳ ᠤᠴᠠᠷᠠᠭᠤᠯᠤᠭᠰᠠᠨ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠷᠰᠢᠯᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠨ ᠲᠣᠷᠭᠠᠬᠤ ᠬᠠᠤᠯᠢ︾ ᠶᠢᠨ ᠲᠣᠭᠲᠠᠭᠠᠯ ᠶᠣᠰᠣᠭᠠᠷ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠣᠯᠭᠤᠨ᠎ᠠ᠃ ᠶᠠᠯ᠎ᠠ ᠳᠤ ᠭᠦᠷᠦᠭᠰᠡᠨ ᠪᠣᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | 2025 ᠣᠨ ᠤ 4 ᠰᠠᠷ᠎ᠠ ᠶᠢᠨ 12 ᠤᠨ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶ᠎ᠡ | | |