︵ᠰᠤᠷᠪᠤᠯᠵᠢᠯᠠᠭᠴᠢ ᠶᠠᠩ ᠼᠠᠢ ᠰᠢᠶᠠ︶ ᠡᠨᠡ ᠵᠢᠯ᠂ ᠬᠥᠬᠡᠬᠤᠲᠠ ᠴᠢᠬᠤᠯᠠ ᠶᠡᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠳᠦᠷᠢᠮ ᠢ ᠲᠦᠷᠭᠡᠳᠬᠡᠨ ᠲᠣᠭᠲᠠᠭᠠᠵᠤ᠂ | ᠲᠥᠷᠥᠯ ᠵᠦᠢᠯ ᠤᠨ ᠪᠥᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠴᠢᠬᠤᠯᠠ ᠶᠡᠭᠡ ᠲᠥᠷᠥᠯ ᠵᠦᠢᠯ ᠤᠨ ᠲᠥᠯᠦᠪᠵᠢᠭᠦᠯᠭᠡ ᠶᠢᠨ | ᠠᠵᠢᠯᠯᠠᠭ᠎ᠠ ᠶᠢ ᠠᠬᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠰᠢᠭᠯᠠᠯᠲᠠ ᠳᠤ | ᠣᠷᠣᠭᠤᠯᠬᠤ ᠶᠢ ᠠᠬᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠠᠯᠢ ᠲᠦᠷᠭᠡᠨ ᠢᠶᠠᠷ ᠨᠠᠶᠢᠳᠠᠪᠤᠷᠢᠵᠢᠭᠤᠯᠵᠤ | ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃ | ᠲᠦᠷᠦᠯ ᠵᠦᠢᠯ ᠢ ᠲᠥᠯᠥᠪᠵᠢᠭᠦᠯᠬᠦ ᠪᠣᠯ ᠳᠠᠷᠤᠢ ᠢᠷᠡᠭᠡᠳᠦᠢ ᠶᠢ ᠪᠣᠳᠣᠯᠬᠢᠯᠠᠵᠤ ᠪᠠᠶᠢᠭ᠎ᠠ ᠶᠠᠪᠤᠳᠠᠯ ᠮᠥᠨ᠃ | ᠮᠠᠨ ᠤ ᠬᠤᠲᠠ ᠨᠢ ᠲᠡᠷᠢᠭᠦᠨ ᠤ ᠦᠢᠯᠡᠳᠬᠦ ᠦᠢᠯᠡᠰ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ | ᠠᠵᠤ ᠦᠢᠯᠡᠰ᠂ ᠡᠨᠧᠷᠭᠢ ᠶᠢᠨ ᠠᠵᠤ ᠦᠢᠯᠡᠰ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠬᠤᠲᠠ ᠶᠢᠨ | ᠰᠠᠭᠤᠷᠢ ᠲᠥᠬᠦᠭᠡᠷᠦᠮᠵᠢ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠠᠴᠠ | ᠲᠥᠷᠥᠯ ᠵᠦᠢᠯ ᠤᠨ ᠲᠥᠯᠦᠪᠵᠢᠭᠦᠯᠭᠡ ᠶᠢ ᠴᠢᠩᠭᠠᠳᠬᠠᠪᠠ᠃ | ᠠᠵᠤ ᠦᠢᠯᠡᠰ ᠤᠨ ᠲᠥᠷᠥᠯ ᠵᠦᠢᠯ ᠨᠢ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠳᠤ | ᠠᠩᠬᠠᠷᠤᠯ ᠢᠶᠠᠨ ᠲᠥᠪᠯᠡᠷᠡᠭᠦᠯᠵᠦ᠂ 492 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 969 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠠᠵᠤ ᠦᠢᠯᠡᠰ ᠤᠨ ᠲᠥᠷᠥᠯ ᠵᠦᠢᠯ ᠤᠨ | ᠪᠡᠯᠡ ᠣᠷᠣᠭᠤᠯᠤᠯᠲᠠ ᠶᠢᠨ 66% ᠶᠢ ᠡᠵᠡᠯᠡᠪᠡ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠂ ᠵᠢᠶᠠ ᠾᠧ ᠪᠠᠷᠠᠭᠠᠨ ᠭᠦᠢᠯᠭᠡᠭᠡᠨ ᠤ ᠬᠦᠢᠰᠦ᠂ | ᠵᠢᠶᠠ ᠵᠢᠶᠠ ᠶᠤᠸᠠᠢ ᠪᠠᠷᠠᠭᠠᠨ ᠭᠦᠢᠯᠭᠡᠭᠡᠨ ᠤ ᠰᠠᠭᠤᠷᠢᠨ ᠭᠠᠵᠠᠷ᠂ ᠮᠢᠩ ᠫᠢᠨ ᠹᠦ᠋ ᠬᠤᠶᠠᠳᠤᠭᠠᠷ ᠬᠤᠭᠤᠴᠠᠭ᠎ᠠ᠂ | ᠵᠦᠩ ᠨᠦᠩ ᠯᠢᠶᠠᠨ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ᠶᠤᠸᠠᠨ ᠵᠢᠩ ᠶᠡᠷᠦᠩᠬᠡᠢ ᠬᠡᠯᠲᠡᠰ ᠤᠨ ᠰᠠᠭᠤᠷᠢᠨ | ᠭᠠᠵᠠᠷ᠂ ᠬᠤᠷᠢᠨᠭᠡᠷ ᠰᠢᠨ᠎ᠡ ᠲᠣᠭᠤᠷᠢᠭ ᠤᠨ ᠠᠭᠠᠷ ᠠᠶᠠᠯᠠᠯ ᠤᠨ ᠶᠡᠷᠦᠩᠬᠡᠢ ᠰᠠᠭᠤᠷᠢᠨ ᠭᠠᠵᠠᠷ᠂ ᠤᠮᠠᠷᠠᠲᠤ ᠶᠢᠨ | ᠠᠭᠠᠷ ᠠᠶᠠᠯᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠠᠰᠠᠷ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ᠰᠣᠶᠣᠯ | ᠵᠢᠭᠤᠯᠴᠢᠯᠠᠯ ᠤᠨ ᠲᠠᠯ᠎ᠠ ᠪᠠᠷ᠂ ᠮᠣᠩᠭᠤᠯ ᠮᠣᠷᠢ ᠵᠢᠵᠢᠭ ᠪᠠᠯᠭᠠᠰᠤ᠂ ᠤᠮᠠᠷᠠᠲᠤ ᠬᠢᠯᠢ ᠶᠢᠨ ᠰᠣᠶᠣᠯ ᠤᠨ ᠠᠮᠢ | ᠠᠬᠤᠢ ᠶᠢᠨ ᠬᠦᠷᠢᠶᠡᠯᠡᠩ᠂ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠤᠨ ᠶᠠᠰᠤ ᠴᠢᠨᠠᠷ ᠢ | ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ | ᠠᠬᠢᠭᠤᠯᠤᠨ᠎ᠠ᠃ | ᠡᠭᠦᠨ ᠤ ᠬᠠᠮᠲᠤ᠂ ᠮᠠᠨ ᠤ ᠬᠤᠲᠠ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ᠂ S43 | ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 ᠬᠥᠬᠡᠬᠤᠲᠠ ᠠᠴᠠ ᠯᠢᠶᠡᠩᠴᠧᠩ ᠬᠦᠷᠬᠦ ᠲᠦᠷᠭᠡᠨ ᠤ ᠵᠠᠮ᠂ | S311 ᠦᠴᠦᠸᠠᠨ ᠠᠴᠠ ᠶᠠᠩ ᠱᠤ᠋ ᠪᠠ ᠬᠦᠷᠬᠦ ᠵᠠᠰᠠᠮᠠᠯ ᠵᠠᠮ ᠵᠡᠷᠭᠡ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ S27 ᠬᠥᠬᠡᠬᠤᠲᠠ ᠣᠷᠳᠣᠰ ᠤᠨ ᠲᠦᠷᠭᠡᠨ ᠤ ᠵᠠᠮ᠂ ᠶᠦᠨ ᠭᠠᠩ ᠶᠡᠭᠡ ᠵᠠᠮ ᠵᠢᠴᠢ ᠰᠢᠨ᠎ᠡ | ᠨᠢᠰᠬᠡᠯ ᠤᠨ ᠪᠠᠭᠤᠳᠠᠯ ᠤᠨ ᠡᠷᠬᠢᠨ ᠲᠣᠭᠤᠷᠢᠨ ᠤ ᠵᠠᠰᠠᠮᠠᠯ ᠵᠠᠮ ᠵᠡᠷᠭᠡ ᠲᠥᠷᠥᠯ ᠵᠦᠢᠯ ᠢ ᠠᠵᠢᠯ ᠡᠬᠢᠯᠡᠭᠦᠯᠪᠡ᠃ | ᠤᠰᠤ ᠳᠤᠲᠠᠵᠤ ᠪᠠᠶᠢᠭ᠎ᠠ 460 ᠬᠤᠷᠢᠶᠠᠯᠠᠯ ᠤᠨ ᠤᠰᠤ ᠬᠠᠩᠭᠠᠬᠤ ᠲᠥᠬᠦᠭᠡᠷᠦᠮᠵᠢ ᠶᠢ ᠥᠭᠡᠷᠡᠴᠢᠯᠡᠬᠦ᠂ 467 | ᠬᠤᠷᠢᠶᠠᠯᠠᠯ ᠤᠨ ᠪᠣᠷᠣᠭᠠᠨ ᠤ ᠤᠰᠤ ᠪᠣᠬᠢᠷ ᠤᠰᠤ ᠬᠤᠯᠢᠯᠳᠤᠨ ᠤᠷᠤᠰᠬᠤ ᠶᠢ ᠥᠭᠡᠷᠡᠴᠢᠯᠡᠵᠦ᠂ 59.5 | ᠺᠢᠯᠤᠮᠧᠲ᠋ᠧᠷ ᠤᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ ᠥᠭᠡᠷᠡᠴᠢᠯᠡᠨ᠎ᠡ᠃ ᠵᠤᠤ ᠤᠳᠠ ᠵᠠᠮ ᠬᠢᠭᠡᠳ | ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠬᠠᠷᠢᠯᠴᠠᠨ ᠨᠡᠪᠲᠡᠷᠡᠬᠦ ᠪᠣᠰᠤᠭ᠎ᠠ ᠵᠥᠷᠢᠯᠢᠭ ᠵᠠᠮ᠂ ︽ᠪᠠᠷᠠᠭᠤᠨ ᠤ | ᠢᠯᠴᠢ ᠶᠢ ᠵᠡᠭᠦᠨᠰᠢ ᠬᠦᠷᠭᠡᠬᠦ︾᠂ 272 ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠬᠤ ᠵᠡᠷᠭᠡ | ᠢᠨᠵᠧᠨᠧᠷᠢᠩ ᠢ ᠬᠡᠷᠡᠭᠵᠢᠭᠦᠯᠦᠨ᠎ᠡ᠃ | ᠲᠥᠷᠥᠯ ᠵᠦᠢᠯ ᠢ ᠠᠳᠬᠤᠵᠤ ᠪᠠᠶᠢᠭ᠎ᠠ ᠨᠢ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠪᠣᠯᠣᠨ᠎ᠠ᠃ | ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠦᠨ ᠠᠰᠢᠭᠯᠠᠯᠲᠠ ᠳᠤ ᠣᠷᠣᠭᠤᠯᠬᠤ ᠶᠢᠨ ᠲᠥᠯᠥᠭᠡ᠂ ᠮᠠᠨ ᠤ ᠬᠤᠲᠠ | ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠪᠠ᠃ ᠲᠥᠷᠥᠯ | ᠵᠦᠢᠯ ᠲᠣᠭᠲᠠᠭᠠᠬᠤ᠂ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠲᠡᠦᠬᠡ ᠶᠢᠨ ᠳᠤᠷᠠᠰᠬᠠᠯᠲᠤ ᠵᠦᠢᠯᠡᠰ᠂ ᠣᠷᠴᠢᠨ | ᠲᠣᠭᠤᠷᠢᠨ ᠤ ᠨᠥᠯᠥᠭᠡᠯᠡᠯ ᠤᠨ ᠦᠨᠡᠯᠡᠯᠲᠡ᠂ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠵᠡᠷᠭᠡ ᠴᠤᠪᠤᠷᠠᠯ ᠢ | ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠮᠠᠲ᠋ᠧᠷᠢᠶᠠᠯ ᠢ ᠳᠥᠭᠦᠮᠴᠢᠯᠡᠨ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠵᠤ᠂ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠳᠤᠲᠠᠭᠤᠳᠠᠯ ᠢ ᠪᠠᠭᠲᠠᠭᠠᠨ ᠰᠢᠢᠳᠪᠦᠷᠢᠯᠡᠬᠦ᠂ ᠨᠡᠶᠢᠯᠡᠭᠦᠯᠦᠨ | ᠭᠦᠢᠴᠡᠳᠬᠡᠬᠦ᠂ ᠤᠷᠢᠳᠠᠪᠠᠷ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠬᠦ ᠵᠡᠷᠭᠡ ᠰᠠᠭᠠᠳ ᠦᠭᠡᠢ ᠦᠢᠯᠡᠴᠢᠯᠡᠭᠡᠨ ᠤ | ᠵᠠᠮ ᠢ ᠪᠠᠶᠢᠭᠤᠯᠤᠨ ᠪᠦᠷᠢᠨᠰᠢᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | | |