2.87 ᠳ᠋ᠦᠩᠰᠢᠭᠤᠷ ᠲᠥᠭᠦᠷᠢᠭ ᠤᠨ ᠲᠤᠰᠬᠠᠢ ᠪᠡᠯᠡ ᠮᠥᠩᠭᠦ ᠪᠠᠷ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/4/19
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ︾ ᠶᠢ ᠭᠦᠨᠵᠡᠭᠡᠢ ᠠᠬᠢᠭᠤᠯᠵᠤ᠂ ᠣᠶᠢᠷ᠎ᠠ ᠳᠤ ᠰᠣᠶᠣᠯ ᠵᠢᠭᠤᠯᠴᠢᠯᠠᠯ ᠤᠷᠠᠯᠢᠭ ᠤᠨ ᠬᠦᠷᠢᠶᠡᠨ ᠤ ᠲᠤᠰᠬᠠᠢ ᠪᠡᠯᠡ ᠮᠥᠩᠭᠦ ᠶᠢ 2.87 ᠳ᠋ᠦᠩᠰᠢᠭᠤᠷ ᠲᠥᠭᠦᠷᠢᠭ ᠲᠥᠪᠯᠡᠷᠡᠭᠦᠯᠦᠨ ᠪᠠᠭᠤᠯᠭᠠᠵᠤ᠂ ᠪᠦᠭᠦ ᠣᠷᠣᠨ ᠤ ᠣᠨᠴᠠᠯᠢᠭ ᠲᠠᠢ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠳᠤ ︽ᠦᠷᠡᠵᠢᠭᠦᠯᠬᠦ ᠦᠢᠯᠡᠳᠦᠯ ᠤᠨ ᠦᠷ᠎ᠡ ᠠᠰᠢᠭ︾ ᠢ ᠪᠠᠳᠠᠷᠠᠭᠤᠯᠬᠤ ᠳᠤ ᠬᠦᠴᠦᠲᠡᠢ ᠬᠥᠳᠡᠯᠭᠡᠬᠦ ᠡᠨᠧᠷᠭᠢ ᠨᠡᠮᠡᠷᠢᠯᠡᠪᠡ᠃     ᠲᠣᠰ ᠤᠳᠠᠭ᠎ᠠ ᠪᠠᠭᠤᠯᠭᠠᠭᠰᠠᠨ ᠪᠡᠯᠡ ᠮᠥᠩᠭᠦ ᠳᠤ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ 22586 ᠲᠦᠮᠡᠨ ᠲᠥᠭᠦᠷᠢᠭ᠂ ᠤᠷᠠᠯᠢᠭ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ 3667 ᠲᠦᠮᠡᠨ ᠲᠥᠭᠦᠷᠢᠭ ᠪᠠ ᠤᠯᠠᠭᠠᠨᠮᠥ᠋ᠴᠢᠷ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ 2500 ᠲᠦᠮᠡᠨ ᠲᠥᠭᠦᠷᠢᠭ ᠪᠠᠭᠲᠠᠨ᠎ᠠ᠃     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ  ᠨᠢ ᠰᠣᠶᠣᠯ ᠵᠢᠭᠤᠯᠴᠢᠯᠠᠯ ᠤᠨ ᠠᠭᠤᠰᠤᠯᠴᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠭᠦ ᠣᠷᠣᠨ ᠤ ᠭᠤᠣᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠪᠠ ᠴᠢᠬᠤᠯᠠ ᠶᠡᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠵᠢᠴᠢ ᠰᠣᠶᠣᠯ ᠵᠢᠭᠤᠯᠴᠢᠯᠠᠯ ᠤᠨ ᠲᠠᠸᠠᠷ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠵᠡᠷᠭᠡ ᠲᠥᠷᠥᠯ ᠵᠦᠢᠯ ᠢ ᠳᠡᠮᠵᠢᠵᠦ᠂ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠠᠰᠢᠭᠯᠠᠬᠤ ᠶᠢ ᠬᠦᠴᠦᠯᠡᠨ ᠠᠬᠢᠭᠤᠯᠵᠤ᠂ ᠵᠠᠬ᠎ᠠ ᠳᠡᠯᠭᠡᠭᠦᠷ ᠢ ᠪᠣᠶᠢᠵᠢᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠵᠦ᠂ ᠭᠠᠳᠠᠭᠠᠳᠤ ᠤᠬᠠᠭᠤᠯᠭ᠎ᠠ ᠬᠢᠭᠡᠳ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠴᠢᠩᠭᠠᠳᠬᠠᠨ᠎ᠠ᠃     ᠤᠷᠠᠯᠢᠭ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠨᠢ ᠤᠷᠠᠯᠢᠭ ᠤᠨ ᠰᠢᠮᠡᠯᠢᠭ ᠬᠥᠷᠥᠰᠥ ᠶᠢ ᠭᠦᠨ ᠠᠭᠤᠳᠠᠯᠵᠤ᠂ ᠰᠣᠶᠣᠯ ᠤᠨ ᠵᠣᠬᠢᠶᠠᠨ ᠪᠦᠲᠦᠭᠡᠬᠦ ᠪᠡᠯᠡᠳᠬᠡᠯ ᠬᠦᠴᠦᠨ ᠢ ᠪᠣᠶᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠪᠦᠯᠭᠦᠮ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠠᠷᠠᠳ ᠲᠤ ᠠᠰᠢᠭ ᠬᠦᠷᠲᠡᠭᠡᠬᠦ ᠲᠣᠬᠯᠠᠯᠲᠠ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠵᠦ᠂ ᠪᠦᠭᠦ ᠣᠷᠣᠨ ᠤ ᠤᠷᠠᠯᠢᠭ ᠤᠨ ᠦᠢᠯᠡᠰ ᠤᠨ ᠬᠥᠭᠵᠢᠯᠲᠡ ᠶᠢᠨ ᠨᠠᠩ ᠴᠡᠴᠡᠭᠯᠡᠨ ᠬᠥᠭᠵᠢᠬᠦ ᠶᠢ ᠠᠬᠢᠭᠤᠯᠤᠨ᠎ᠠ᠃     ᠤᠯᠠᠭᠠᠨᠮᠥ᠋ᠴᠢᠷ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠨᠢ ᠬᠤᠪᠢᠰᠬᠠᠯ ᠤᠨ ᠲᠦᠷᠦᠯ ᠲᠡᠮᠳᠡᠭ ᠲᠤ ᠰᠠᠭᠤᠷᠢᠯᠠᠨ᠂ ᠪᠦᠭᠦ ᠣᠷᠣᠨ ᠤ ᠤᠯᠠᠭᠠᠨᠮᠥ᠋ᠴᠢᠷ ᠤᠨ ᠰᠢᠯᠢᠳᠡᠭ ᠫᠷᠣᠭ᠍ᠷᠠᠮ ᠤᠨ ︽ᠭᠠᠷᠴᠤ ᠶᠠᠪᠤᠬᠤ︾ ᠲᠣᠬᠯᠠᠯᠲᠠ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠵᠦ᠂ ᠤᠯᠠᠭᠠᠨᠮᠥ᠋ᠴᠢᠷ ᠤᠨ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠤᠯᠠᠭᠠᠨᠮᠥ᠋ᠴᠢᠷ ᠤᠨ ᠦᠢᠯᠡᠰ ᠤᠨ ᠥᠷᠨᠢᠨ ᠬᠥᠭᠵᠢᠬᠦ ᠶᠢ ᠪᠦᠭᠦ ᠲᠠᠯ᠎ᠠ ᠪᠠᠷ ᠠᠬᠢᠭᠤᠯᠤᠨ᠎ᠠ᠃     ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠦᠷᠭᠦᠯᠵᠢᠯᠡᠨ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ︾ ᠪᠠᠷ ᠵᠢᠯᠣᠭᠤᠳᠤᠮᠵᠢ ᠪᠤᠯᠭᠠᠵᠤ᠂ ᠪᠦᠭᠦ ᠣᠷᠣᠨ ᠤ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ︽ᠵᠢᠩᠬᠢᠨᠢ ᠦᠷ᠎ᠡ ᠠᠰᠢᠭ︾ ᠢᠶᠠᠷ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠤᠮᠠᠷᠠᠲᠤ ᠬᠢᠯᠢ ᠶᠢᠨ ᠰᠣᠶᠣᠯ ᠤᠨ ᠳᠡᠯᠡᠬᠡᠢ ᠶᠢᠨ ᠲᠠᠪᠴᠠᠩ ᠳᠤ ᠭᠠᠷᠬᠤ ᠳᠤ ᠬᠦᠴᠦᠨ ᠨᠡᠮᠡᠷᠢᠯᠡᠨ᠎ᠡ᠃     ᠢᠷᠡᠯᠲᠡ᠄ ᠥᠪᠥᠷ ᠮᠣᠩᠭᠤᠯ ᠤᠨ ᠡᠳ᠋ ᠤᠨ ᠵᠠᠰᠠᠭ ᠲᠠᠪᠴᠠᠩ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号