︵ᠰᠤᠷᠪᠤᠯᠵᠢᠯᠠᠭᠴᠢ ᠰᠦᠨ ᠶᠤᠸᠠᠢ ᠯᠦᠩ︶ 4 ᠳ᠋ᠦ᠋ᠭᠡᠷ ᠰᠠᠷ᠎ᠠ ᠶᠢᠨ 17 ᠤ ᠡᠳᠦᠷ᠂ ᠬᠥᠬᠡᠬᠤᠲᠠ ᠶᠢᠨ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠲᠢᠶᠠᠨᠵᠢᠨ ᠤ ᠾᠧ ᠱᠧᠩ ᠠᠮᠢᠳᠤ ᠪᠣᠳᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠤᠶᠠᠷ | ᠲᠠᠯ᠎ᠠ ᠪᠠᠷ ᠢᠶᠠᠨ ᠨᠡᠶᠢᠯᠡᠮᠡᠯ ᠠᠮᠢᠳᠤ ᠪᠣᠳᠠᠰ ᠤᠨ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠲᠡᠰ ᠳᠡᠪᠰᠢᠬᠦ ᠪᠠ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃ | ᠬᠤᠶᠠᠷ ᠲᠠᠯ᠎ᠠ ᠪᠠᠷ ᠢᠶᠠᠨ ᠬᠤᠶᠠᠷ ᠶᠡᠭᠡ ᠭᠤᠣᠯ ᠪᠣᠯᠬᠤ ᠲᠦᠷᠦᠯ ᠵᠦᠢᠯ ᠢ ᠠᠬᠢᠭᠤᠯᠬᠤ ᠪᠠᠷ ᠲᠣᠭᠲᠠᠵᠠᠢ᠄ | ᠨᠢᠭᠡ ᠨᠢ ᠶᠡᠷᠦᠩᠬᠡᠢ ᠪᠡᠯᠡ ᠣᠷᠣᠭᠤᠯᠤᠯᠲᠠ 1.6 ᠳ᠋ᠦᠩᠰᠢᠭᠤᠷ ᠲᠥᠭᠦᠷᠢᠭ ᠣᠷᠣᠭᠤᠯᠵᠤ᠂ ᠵᠢᠯ ᠳᠤ 500 ᠲᠣᠨ | ᠡᠬᠡ ᠶᠢᠨ ᠰᠦ ᠶᠢᠨ ᠴᠥᠭᠡᠨ ᠰᠢᠬᠢᠷ HMOs ᠤᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠵᠤ᠂ | ᠦᠢᠯᠡᠳᠪᠦᠷᠢᠯᠡᠯ ᠳᠤ ᠣᠷᠣᠭᠰᠠᠨ ᠤ ᠳᠠᠷᠠᠭᠠᠬᠢ ᠵᠢᠯ ᠤᠨ ᠦᠢᠯᠡᠳᠬᠦᠨ ᠤ ᠦᠷᠳᠡᠭ ᠨᠢ ᠪᠠᠷᠤᠭ 3 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠳᠤ ᠪᠠᠷᠤᠭ1500 ᠲᠦᠮᠡᠨ ᠲᠥᠭᠦᠷᠢᠭ ᠤᠨ ᠭᠠᠶᠢᠯᠢ ᠲᠤᠰᠢᠶᠠᠨ᠎ᠠ᠃ ᠬᠤᠶᠠᠷ ᠨᠢ | ᠨᠡᠶᠢᠯᠡᠮᠡᠯ ᠠᠮᠢᠳᠤ ᠪᠣᠳᠠᠰ ᠤᠨ ᠤᠬᠠᠭᠠᠨ ᠤ ᠬᠤᠰᠢᠭᠤᠷᠠᠯ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠲᠦᠷᠦᠯ | ᠵᠦᠢᠯ ᠢ ᠬᠠᠮᠲᠤᠷᠠᠨ ᠪᠠᠶᠢᠭᠤᠯᠵᠤ᠂ ᠲᠢᠶᠠᠨᠵᠢᠨ ᠤ ᠾᠧ ᠱᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠨᠠᠨ ᠺᠠᠢ ᠶᠡᠭᠡ ᠰᠤᠷᠭᠠᠭᠤᠯᠢ ᠲᠠᠢ ᠬᠠᠮᠲᠤᠷᠠᠨ ᠠᠺᠠᠳᠧᠮᠢᠴᠢ᠂ | ︽ᠴᠠᠩᠵᠢᠶᠠᠩ ᠤᠨ ᠡᠷᠳᠡᠮᠲᠡᠨ︾ ᠵᠡᠷᠭᠡ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ | ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ | ᠠᠭᠤᠰᠤᠯᠴᠠᠭᠤᠯᠬᠤ ᠲᠠᠪᠴᠠᠩ ᠢ ᠪᠠᠶᠢᠭᠤᠯᠵᠤ᠂ ᠨᠡᠶᠢᠯᠡᠮᠡᠯ ᠠᠮᠢᠳᠤ ᠪᠣᠳᠠᠰ ᠤᠨ ᠤᠬᠠᠭᠠᠨ ᠤ ᠦᠷ᠎ᠡ ᠪᠦᠲᠦᠭᠡᠯ ᠢ | ᠤᠯᠠᠷᠢᠭᠤᠯᠬᠤ ᠪᠠ ᠪᠥᠭᠡᠮᠨᠡᠷᠡᠨ ᠬᠥᠭᠵᠢᠬᠦ ᠶᠢ ᠠᠬᠢᠭᠤᠯᠤᠨ᠎ᠠ᠃ | ᠲᠣᠰ ᠤᠳᠠᠭᠠᠨ ᠤ ᠬᠠᠮᠲᠤᠷᠠᠯᠴᠠᠭ᠎ᠠ ᠪᠣᠯ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠤᠨ ᠳᠠᠪᠠᠭᠤᠯᠢᠭ ᠲᠤ ᠲᠦᠰᠢᠭᠯᠡᠨ᠂ ᠨᠡᠶᠢᠯᠡᠮᠡᠯ | ᠠᠮᠢᠳᠤ ᠪᠣᠳᠠᠰ ᠤᠨ ᠤᠷᠤᠯᠳᠤᠭᠠᠨ ᠤ ᠵᠠᠮ ᠢ ᠪᠠᠷᠠᠯᠠᠨ ᠪᠠᠶᠢᠷᠢᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ︽ | ᠰᠤᠳᠤᠯᠭᠠᠨ ᠤ ᠬᠦᠷᠢᠶᠡᠯᠡᠩ + ᠦᠢᠯᠡᠳᠪᠦᠷᠢᠯᠡᠯ ᠤᠨ ᠰᠠᠭᠤᠷᠢᠨ ᠭᠠᠵᠠᠷ︾ ᠤᠨ ᠬᠤᠣᠰ ᠬᠥᠳᠡᠯᠭᠡᠭᠦᠷ ᠢᠶᠠᠷ᠂ | ᠬᠤᠶᠠᠷ ᠲᠠᠯ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠠᠴᠠ ᠠᠵᠤ ᠦᠢᠯᠡᠰ ᠢ ᠨᠠᠶᠢᠳᠠᠪᠤᠷᠢᠵᠢᠭᠤᠯᠬᠤ ᠬᠦᠷᠲᠡᠯᠡᠬᠢ | ᠪᠦᠬᠦ ᠬᠡᠯᠬᠢᠶ᠎ᠡ ᠶᠢᠨ ᠠᠮᠢ ᠠᠬᠤᠢ ᠶᠢ ᠪᠠᠶᠢᠭᠤᠯᠵᠤ᠂ ︽ᠢᠳᠡᠭᠡᠨ ᠤ ᠵᠦᠢᠯ᠂ ᠡᠮᠨᠡᠯᠭᠡ᠂ ᠭᠤᠸᠠᠵᠢᠭᠤᠯᠬᠤ᠂ ᠠᠮᠤᠷ | ᠲᠦᠪᠰᠢᠨ︾ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠴᠢᠨᠠᠷ ᠰᠠᠶᠢᠲᠠᠢ ᠪᠦᠲᠦᠭᠡᠭᠳᠡᠬᠦᠨ ᠬᠠᠩᠭᠠᠵᠤ᠂ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠬᠥᠲᠥᠯᠥᠨ ᠳᠠᠭᠠᠭᠤᠯᠬᠤ ᠲᠣᠭᠤᠷᠢᠭ ᠪᠠᠶᠢᠭᠤᠯᠬᠤ ᠳᠤ ᠬᠦᠴᠦᠨ ᠨᠡᠮᠡᠷᠢᠯᠡᠵᠦ᠂ ᠣᠷᠣᠨ ᠪᠦᠰᠡ ᠶᠢᠨ ᠠᠵᠤ | ᠠᠬᠤᠢ ᠶᠢᠨ ᠨᠡᠶᠢᠯᠡᠮᠡᠯ ᠠᠮᠢᠳᠤ ᠪᠣᠳᠠᠰ ᠤᠨ ᠬᠦᠷᠢᠶᠡᠨ ᠳᠠᠬᠢ ᠰᠢᠪᠲᠤᠯᠤᠯᠲᠠ ᠶᠢ ᠠᠬᠢᠭᠤᠯᠵᠤ᠂ ︽ᠠᠵᠤ ᠦᠢᠯᠡᠰ᠂ | ᠵᠢᠭᠠᠨ ᠰᠤᠷᠭᠠᠯᠲᠠ᠂ ᠰᠤᠳᠤᠯᠭ᠎ᠠ᠂ ᠬᠡᠷᠡᠭᠯᠡᠭᠡ︾ ᠬᠠᠮᠲᠤ ᠪᠠᠷ ᠬᠥᠭᠵᠢᠭᠰᠡᠨ ᠰᠢᠨ᠎ᠡ ᠬᠡᠪ ᠳᠠᠭᠤᠷᠢᠶᠠᠯ ᠢ ᠪᠤᠢ ᠪᠣᠯᠭᠠᠨ᠎ᠠ᠃ | | |