ᠬᠥᠬᠡᠬᠤᠲᠠ ᠶᠢᠨ ᠬᠢᠨ ᠲᠥᠰᠥᠯ ᠨᠡᠶᠢᠲᠡᠯᠡᠨ ᠭᠠᠷᠭᠠᠵᠤ  ᠡᠮᠴᠢᠯᠡᠭᠡᠨ ᠤ ᠪᠠᠶᠢᠭᠤᠯᠤᠮᠵᠢ ᠶᠢᠨ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ ᠦᠢᠯᠡᠴᠢᠯᠡᠭᠡ︾ ᠶᠢᠨ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2025/4/2
    ᠬᠥᠬᠡᠬᠤᠲᠠ ᠲᠥᠰᠥᠯ ᠨᠡᠶᠢᠲᠡᠯᠡᠨ ᠭᠠᠷᠭᠠᠵᠤ᠂ ᠡᠮᠴᠢᠯᠡᠭᠡᠨ ᠤ ᠪᠠᠶᠢᠭᠤᠯᠤᠮᠵᠢ ᠶᠢᠨ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ ᠦᠢᠯᠡᠴᠢᠯᠡᠭᠡ︾ ᠶᠢᠨ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠪᠡ᠃ ᠲᠥᠰᠥᠯ ᠳᠤ᠂ ᠡᠨᠡ ᠵᠢᠯ ᠤᠨ 4 ᠳ᠋ᠦ᠋ᠭᠡᠷ ᠰᠠᠷ᠎ᠠ ᠪᠣᠯᠲᠠᠯ᠎ᠠ᠂ ᠬᠥᠬᠡᠬᠤᠲᠠ ᠳᠠᠬᠢ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠴᠥᠮ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ︾ ᠲᠤᠷᠰᠢᠯᠲᠠ ᠶᠢᠨ ᠴᠡᠭ ᠤᠨ ᠡᠪᠡᠳᠴᠢᠲᠡᠨ ᠤ ᠥᠷᠥᠭᠡ ᠪᠠᠶᠢᠭᠤᠯᠵᠤ᠂ ᠬᠠᠮᠢᠶ᠎ᠠ ᠪᠦᠬᠦᠢ ᠦᠢᠯᠡᠴᠢᠯᠡᠭᠡᠨ ᠤ ᠵᠢᠷᠤᠮᠵᠢᠯ᠂ ᠠᠵᠢᠯᠯᠠᠭᠠᠨ ᠪᠠ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠰᠤᠪᠢᠯᠠᠭᠴᠢ ᠪᠠ ᠠᠰᠠᠷᠠᠭᠴᠢ ᠶᠢᠨ ᠬᠠᠮᠲᠤ ᠪᠠᠷ ᠪᠦᠷᠢᠯᠳᠦᠭᠦᠯᠦᠭᠰᠡᠨ ᠠᠰᠠᠷᠠᠭᠴᠢᠳ ᠤᠨ ᠡᠩᠨᠡᠭᠡ ᠶᠢ ᠪᠦᠷᠢᠯᠳᠦᠭᠦᠯᠦᠨ᠎ᠡ᠃ 2025 ᠣᠨ ᠤ ᠡᠴᠦᠰ ᠪᠣᠯᠬᠤ ᠳᠤ᠂ ᠨᠥᠬᠦᠴᠡᠯ ᠲᠠᠢ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ︾ ᠲᠤᠷᠰᠢᠯᠲᠠ ᠶᠢᠨ ᠴᠡᠭ ᠤᠨ ᠡᠪᠡᠳᠴᠢᠲᠡᠨ ᠤ ᠥᠷᠥᠭᠡ ᠭᠠᠷᠭᠠᠵᠤ᠂ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ ᠦᠢᠯᠡᠴᠢᠯᠡᠭᠡ︾ ᠶᠢ ᠥᠷᠨᠢᠭᠦᠯᠦᠨ᠎ᠡ᠃ 2026 ᠣᠨ ᠤ ᠡᠴᠦᠰ ᠪᠣᠯᠬᠤ ᠳᠤ᠂ ᠡᠮᠴᠢᠯᠡᠭᠡᠨ ᠤ ᠠᠰᠠᠷᠠᠭᠴᠢᠳ ᠢ ᠤᠯᠠᠮ ᠨᠢᠭᠡ ᠠᠯᠬᠤᠮ ᠠᠵᠢᠯ ᠮᠡᠷᠭᠡᠵᠢᠯᠰᠢᠭᠦᠯᠬᠦ᠂ ᠵᠢᠷᠤᠮᠵᠢᠭᠤᠯᠬᠤ ᠪᠠ ᠲᠤᠰᠬᠠᠶᠢᠵᠢᠭᠤᠯᠵᠤ᠂ ᠰᠤᠪᠢᠯᠠᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠡᠮᠨᠡᠯᠭᠡ ᠶᠢᠨ ᠬᠤᠷᠢᠶ᠎ᠠ᠂ ᠡᠪᠡᠳᠴᠢᠲᠡᠨ ᠤ ᠬᠡᠷᠡᠭᠴᠡᠭᠡ ᠯᠦᠭᠡ ᠬᠠᠷᠢᠯᠴᠠᠨ ᠵᠣᠬᠢᠴᠠᠭᠤᠯᠵᠤ᠂ ᠡᠮᠨᠡᠯᠭᠡ ᠳᠤ ᠰᠠᠭᠤᠭᠰᠠᠨ ᠡᠪᠡᠳᠴᠢᠲᠡᠨ ᠤ ᠬᠠᠨᠤᠮᠵᠢ ᠶᠢᠨ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃ ᠲᠥᠰᠥᠯ ᠳᠤ᠂ ᠬᠥᠬᠡᠬᠤᠲᠠ ᠳᠠᠬᠢ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠪᠦᠬᠦ ᠡᠮᠨᠡᠯᠭᠡ ᠶᠢᠨ ᠬᠤᠷᠢᠶᠠᠨ ᠳᠤ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ︾ ᠲᠤᠷᠰᠢᠯᠲᠠ ᠶᠢᠨ ᠴᠡᠭ ᠤᠨ ᠡᠪᠡᠳᠴᠢᠲᠡᠨ ᠤ ᠥᠷᠥᠭᠡ ᠭᠠᠷᠭᠠᠵᠤ᠂ ᠥᠪᠡᠰᠦᠪᠡᠨ ᠶᠠᠪᠤᠵᠤ ᠰᠠᠭᠤᠵᠤ ᠳᠡᠶᠢᠯᠬᠦ ᠦᠭᠡᠢ ᠡᠪᠡᠳᠴᠢᠲᠡᠨ ᠢ ᠤᠷᠢᠳ ᠢᠶᠠᠷ ᠪᠣᠳᠣᠯᠬᠢᠯᠠᠵᠤ᠂ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ ᠦᠢᠯᠡᠴᠢᠯᠡᠭᠡ︾ ᠶᠢᠨ ᠬᠡᠷᠡᠭᠴᠡᠭᠡ ᠨᠡᠯᠢᠶᠡᠳ ᠴᠢᠩᠭ᠎ᠠ ᠪᠠᠶᠢᠬᠤ ᠡᠪᠡᠳᠴᠢᠲᠡᠨ ᠤ ᠲᠣᠭᠤᠷᠢᠭ ᠢ ᠲᠤᠷᠰᠢᠯᠲᠠ ᠶᠢᠨ ᠴᠡᠭ ᠪᠣᠯᠭᠠᠨ᠎ᠠ᠂ ᠭᠤᠷᠪᠠᠳᠤᠭᠠᠷ ᠲᠠᠰ ᠤᠨ ᠡᠮᠨᠡᠯᠭᠡ ᠶᠢᠨ ᠬᠤᠷᠢᠶ᠎ᠠ ᠨᠢᠭᠡᠪᠦᠷᠢ ᠨᠢ ᠠᠳᠠᠭ ᠲᠤ ᠪᠠᠨ 1 ᠡᠪᠡᠳᠴᠢᠲᠡᠨ ᠤ ᠲᠣᠭᠤᠷᠢᠭ ᠲᠤ ᠡᠨᠡ ᠬᠦ ᠠᠵᠢᠯ ᠢ ᠥᠷᠨᠢᠭᠦᠯᠦᠨ᠎ᠡ᠂ ᠡᠭᠦᠨ ᠳᠤ ᠭᠤᠷᠪᠠᠳᠤᠭᠠᠷ ᠲᠠᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠠᠳᠠᠭ ᠲᠤ ᠪᠠᠨ 3 ᠡᠪᠡᠳᠴᠢᠲᠡᠨ ᠤ ᠲᠣᠭᠤᠷᠢᠭ ᠢ ᠲᠣᠭᠲᠠᠭᠠᠵᠤ ᠬᠡᠷᠡᠭᠵᠢᠭᠦᠯᠦᠨ᠎ᠡ᠂ ICU᠂ ᠶᠠᠰᠤᠨ ᠤ ᠡᠮᠴᠢᠯᠡᠭᠡᠨ ᠤ ᠰᠠᠯᠠᠭ᠎ᠠ᠂ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ᠂ ᠮᠡᠳᠡᠷᠡᠯ ᠤᠨ ᠡᠪᠡᠳᠴᠢᠨ ᠤ ᠳᠣᠲᠣᠷ ᠰᠠᠯᠠᠭ᠎ᠠ ᠵᠡᠷᠭᠡ ᠡᠪᠡᠳᠴᠢᠨ ᠤ ᠲᠠᠰᠤᠭ ᠢᠶᠠᠷ ᠭᠤᠣᠯᠳᠠᠭᠤᠯᠤᠨ᠎ᠠ᠂ ᠪᠤᠰᠤᠳ ᠰᠠᠯᠠᠭ᠎ᠠ ᠲᠠᠰᠤᠭ ᠢ ᠰᠣᠩᠭᠤᠵᠤ ᠥᠷᠨᠢᠭᠦᠯᠦᠭᠰᠡᠨ ᠴᠤ ᠪᠣᠯᠣᠨ᠎ᠠ᠃ ᠲᠤᠷᠰᠢᠯᠲᠠ ᠶᠢᠨ ᠴᠡᠭ ᠤᠨ ᠡᠪᠡᠳᠴᠢᠲᠡᠨ ᠤ ᠲᠣᠭᠤᠷᠢᠭ ᠲᠤ 10% ᠶᠢᠨ ᠡᠪᠡᠳᠴᠢᠲᠡᠨ ᠤ ᠥᠷᠥᠭᠡ ᠶᠢ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠭᠤᠯᠬᠤ︾ ᠡᠪᠡᠳᠴᠢᠲᠡᠳ ᠢ ᠭᠥᠯᠢᠶᠡᠨ ᠠᠪᠴᠤ ᠡᠮᠴᠢᠯᠡᠬᠦ ᠳᠤ ᠬᠡᠷᠡᠭᠯᠡᠨ᠂ ᠡᠪᠡᠳᠴᠢᠲᠡᠨ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ ᠦᠢᠯᠡᠴᠢᠯᠡᠭᠡ︾ ᠭᠥᠯᠢᠶᠡᠨ ᠠᠪᠬᠤ ᠡᠰᠡᠬᠦ ᠶᠢ ᠰᠣᠩᠭᠤᠭᠤᠯᠵᠤ᠂ ᠪᠣᠳᠠᠲᠠᠢ ᠪᠠᠶᠢᠳᠠᠯ ᠢ ᠦᠨᠳᠦᠰᠦᠯᠡᠨ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ︾ ᠡᠪᠡᠳᠴᠢᠲᠡᠨ ᠤ ᠥᠷᠥᠭᠡ ᠶᠢᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ ᠭᠡᠵᠦ ᠳᠤᠷᠠᠳᠪᠠ᠃ ︵ᠬᠥᠬᠡᠬᠤᠲᠠ ᠶᠢᠨ ᠵᠠᠰᠠᠭ ᠤᠨ ᠣᠷᠳᠣᠨ︶
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号