ᠬᠤᠲᠣᠩ ᠠᠷᠠᠳ ᠤᠨ ᠲᠣᠭᠤᠷᠢᠭ ᠤᠨ ᠳᠠᠬᠢᠨ ᠰᠢᠨ᠎ᠡ ᠨᠡᠷ᠎ᠡ ᠶᠢᠨ ᠬᠠᠭᠤᠳᠠᠰᠤ ᠨᠡᠮᠡᠷᠢᠯᠡᠪᠡ︕ ᠭᠤᠷᠪᠠᠨ ᠤᠯᠤᠰ ᠤᠨ ᠳᠡᠰ ᠤᠨ ᠤᠷᠠᠯᠢᠭ ᠤᠨ ᠰᠠᠭᠤᠷᠢᠨ ᠭᠠᠵᠠᠷ ᠨᠢ ᠰᠣᠶᠣᠯ ᠤᠨ ᠤᠯᠠᠮᠵᠢᠯᠠᠯ ᠪᠠ ᠰᠢᠨ᠎ᠡ ᠶᠢ ᠡᠭᠦᠳᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/21
    4 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠲᠥᠪ ᠤᠨ ᠤᠷᠠᠨ ᠵᠢᠷᠤᠭ ᠤᠨ ᠬᠦᠷᠢᠶᠡᠯᠡᠩ ᠤᠨ ᠵᠣᠬᠢᠶᠠᠨ ᠪᠦᠲᠦᠭᠡᠬᠦ ᠰᠠᠭᠤᠷᠢᠨ ᠭᠠᠵᠠᠷ᠂ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠵᠣᠬᠢᠶᠠᠨ ᠪᠦᠲᠦᠭᠡᠬᠦ ᠪᠠ ᠤᠨᠤᠯ ᠤᠨ ᠰᠤᠳᠤᠯᠭᠠᠨ ᠤ ᠵᠢᠯᠤᠭᠤᠳᠬᠤ ᠵᠥᠪᠯᠡᠯ ᠤᠨ ᠠᠵᠢᠯ ᠤᠨ ᠦᠷᠳᠡᠭᠡ᠂ ᠳᠤᠮᠳᠠᠳᠤ ᠤᠯᠤᠰ ᠤᠨ ᠬᠤᠳᠠ ᠶᠢᠨ ᠱᠤᠭᠤᠮᠠᠯᠴᠢᠳ ᠤᠨ ᠨᠡᠶᠢᠭᠡᠮᠯᠢᠭ ᠤᠨ ᠤᠮᠠᠷᠠᠲᠤ ᠬᠢᠯᠢ ᠶᠢᠨ ᠰᠣᠶᠣᠯ ᠤᠨ ᠤᠯᠠᠮᠵᠢᠯᠠᠯ ᠤᠨ ᠰᠠᠭᠤᠷᠢᠨ ᠭᠠᠵᠠᠷ ᠬᠤᠲᠣᠩ ᠠᠷᠠᠳ ᠤᠨ ᠲᠣᠭᠤᠷᠢᠭ ᠤᠨ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠰᠠᠭᠤᠷᠢᠨ ᠭᠠᠵᠠᠷ ᠲᠤ ᠪᠠᠶᠢᠭᠤᠯᠤᠭᠳᠠᠵᠤ ᠠᠰᠢᠭᠯᠠᠯᠲᠠ ᠳᠤ ᠣᠷᠣᠪᠠ᠃     ᠲᠣᠰ ᠤᠳᠠᠭᠠᠨ ᠤ ᠭᠤᠷᠪᠠᠨ ᠰᠠᠭᠤᠷᠢᠨ ᠭᠠᠵᠠᠷ ᠠᠳᠡ ᠪᠠᠶᠢᠭᠤᠯᠤᠭᠳᠠᠵᠤ᠂ ᠤᠰᠤᠲᠤ ᠶᠢᠨ ᠥᠪᠡᠷᠮᠢᠴᠡ ᠪᠠᠶᠢᠭᠠᠯᠢ ᠶᠢᠨ ᠦᠵᠡᠮᠵᠢ ᠶᠢᠨ ᠡᠬᠢ ᠪᠠᠶᠠᠯᠢᠭ ᠲᠤ ᠲᠦᠰᠢᠭᠯᠡᠨ ᠪᠢᠴᠢᠬᠦ ᠳᠤ ᠰᠠᠶᠢᠨ ᠰᠠᠶᠢᠬᠠᠨ ᠲᠤᠬᠠᠢ ᠶᠢᠨ ᠭᠠᠵᠠᠷ ᠤᠨ ᠪᠣᠷᠣ ᠮᠠᠲ᠋ᠧᠷᠢᠶᠠᠯ ᠪᠠ ᠵᠣᠬᠢᠶᠠᠨ ᠪᠦᠲᠦᠭᠡᠬᠦ ᠠᠪᠢᠶᠠᠰ ᠪᠢᠯᠢᠭ ᠢ ᠬᠠᠩᠭᠠᠵᠤ᠂ ᠲᠡᠭᠦᠨ ᠤ ᠭᠦᠨ ᠵᠤᠵᠠᠭᠠᠨ ᠰᠣᠶᠣᠯ ᠢᠷᠭᠡᠨᠰᠢᠯ ᠤᠨ ᠰᠠᠭᠤᠷᠢ ᠨᠢ ᠪᠦᠲᠦᠭᠡᠯ ᠤᠨ ᠰᠣᠶᠣᠯ ᠤᠨ ᠠᠭᠤᠯᠤᠭᠳᠠᠬᠤᠨ ᠳᠤ ᠠᠭᠤᠰᠤᠯᠴᠠᠬᠤ ᠳᠤ ᠨᠠᠩ ᠣᠯᠠᠨ ᠪᠣᠯᠣᠯᠴᠠᠭ᠎ᠠ ᠬᠠᠩᠭᠠᠭᠰᠠᠨ ᠪᠠᠶᠢᠨ᠎ᠠ᠃ ᠡᠭᠦᠨ ᠳᠤ᠂ ᠠᠷᠠᠳᠴᠢᠯᠠᠭᠰᠠᠨ ᠬᠤᠯᠪᠤᠭ᠎ᠠ ᠶᠢᠨ ᠲᠥᠪ ᠤᠨ ᠤᠷᠠᠨ ᠵᠢᠷᠤᠭ ᠤᠨ ᠬᠦᠷᠢᠶᠡᠯᠡᠩ ᠤᠨ ᠵᠣᠬᠢᠶᠠᠨ ᠪᠦᠲᠦᠭᠡᠬᠦ ᠰᠠᠭᠤᠷᠢᠨ ᠭᠠᠵᠠᠷ ᠪᠠᠶᠢᠭᠤᠯᠤᠭᠳᠠᠭᠰᠠᠨ ᠤ ᠳᠠᠷᠠᠭ᠎ᠠ ᠮᠠᠰᠢ ᠣᠯᠠᠨ ᠠᠯᠳᠠᠷᠲᠤ ᠤᠷᠠᠯᠢᠭᠴᠢᠳ ᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠬᠡᠪ ᠨᠠᠮᠪᠠ ᠶᠢ ᠢᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠢ ᠲᠤᠰᠬᠠᠭᠰᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠪᠣᠯᠣᠨ᠎ᠠ᠃ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠵᠣᠬᠢᠶᠠᠨ ᠪᠦᠲᠦᠭᠡᠬᠦ ᠪᠠ ᠣᠨᠣᠯ ᠤᠨ ᠰᠤᠳᠤᠯᠭᠠᠨ ᠤ ᠵᠢᠯᠤᠭᠤᠳᠬᠤ ᠺᠣᠮᠢᠰ ᠤᠨ ᠠᠵᠢᠯᠯᠠᠬᠤ ᠥᠷᠲᠡᠭᠡ ᠨᠢ ᠤᠷᠠᠨ ᠵᠢᠷᠤᠭ ᠤᠨ ᠡᠲᠡᠭᠡᠳ ᠤᠨ ᠡᠷᠳᠡᠮ ᠰᠢᠨᠵᠢᠯᠡᠭᠡᠨ ᠤ ᠥᠨᠳᠦᠷᠯᠢᠭ ᠭᠠᠵᠠᠷ ᠪᠣᠯᠤᠭᠰᠠᠨ ᠤ ᠬᠤᠪᠢ ᠳᠤ᠂ ᠲᠡᠳᠡ ᠡᠮᠦᠨ᠎ᠡ ᠵᠠᠬ᠎ᠠ ᠶᠢᠨ ᠤᠷᠠᠯᠢᠭ ᠤᠨ ᠣᠨᠣᠯ ᠢ ᠪᠣᠶ ᠪᠣᠯᠭᠠᠵᠤ᠂ ᠤᠮᠠᠷᠠᠲᠤ ᠬᠢᠯᠢ ᠶᠢᠨ ᠪᠣᠳᠠᠰ ᠤᠨ ᠪᠤᠰᠤ ᠰᠣᠶᠣᠯ ᠤᠨ ᠥᠪ ᠢ ᠵᠠᠪᠳᠤᠨ ᠠᠪᠤᠷᠠᠬᠤ ᠴᠢᠨᠠᠷᠲᠠᠢ ᠬᠠᠮᠠᠭᠠᠯᠠᠯᠲᠠ ᠬᠢᠵᠦ᠂ ᠪᠣᠳᠠᠰ ᠤᠨ ᠪᠤᠰᠤ ᠰᠣᠶᠣᠯ ᠤᠨ ᠥᠪ ᠤᠨ ᠠᠮᠢᠵᠢᠷᠠᠯ ᠤᠨ ᠬᠦᠴᠦᠨ ᠪᠠ ᠤᠯᠠᠮᠵᠢᠯᠠᠨ ᠵᠠᠯᠭᠠᠮᠵᠢᠯᠠᠬᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠠᠮᠵᠢᠯᠠᠯᠲᠤ ᠰᠣᠶᠣᠯ ᠢ ᠰᠢᠨ᠎ᠡ ᠴᠠᠭ ᠦᠶ᠎ᠡ ᠳᠤ ᠭᠤᠶᠢᠳᠠ ᠰᠠᠶᠢᠬᠠᠨ ᠬᠡᠷᠡᠯ ᠭᠢᠯᠪᠠᠭ᠎ᠠ ᠪᠠᠨ ᠰᠠᠴᠤᠷᠠᠭᠤᠯᠬᠤ ᠪᠣᠯᠣᠨ᠎ᠠ᠃ ᠳᠤᠮᠳᠠᠳᠤ ᠤᠯᠤᠰ ᠤᠨ ᠬᠤᠲᠠ ᠶᠢᠨ ᠱᠤᠭᠤᠮᠠᠯᠴᠢᠳ ᠤᠨ ᠨᠡᠶᠢᠭᠡᠮᠯᠢᠭ ᠤᠨ ᠤᠮᠠᠷᠠᠲᠤ ᠬᠢᠯᠢ ᠶᠢᠨ ᠰᠣᠶᠣᠯ ᠤᠨ ᠤᠯᠠᠮᠵᠢᠯᠠᠯ ᠤᠨ ᠰᠠᠭᠤᠷᠢᠨ ᠭᠠᠵᠠᠷ ᠨᠢ ︽ᠤᠮᠠᠷᠠᠲᠤ ᠬᠢᠯᠢ ᠶᠢᠨ ᠰᠣᠶᠣᠯ︾ ᠤᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠵᠣᠬᠢᠶᠠᠨ ᠪᠦᠲᠦᠭᠡᠵᠦ᠂ ᠡᠭᠦᠨ ᠤ ᠤᠯᠠᠮ ᠠᠴᠠ ᠰᠣᠶᠣᠯ ᠤᠷᠠᠯᠢᠭ ᠤᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠤᠷᠠᠯᠢᠭ ᠤᠨ ᠴᠢᠳᠠᠪᠤᠷᠢᠲᠠᠨ ᠢ ᠬᠥᠮᠥᠵᠢᠭᠦᠯᠬᠦ᠂ ᠳᠠᠳᠤᠯᠭ᠎ᠠ ᠪᠣᠯᠪᠠᠰᠤᠷᠠᠯ ᠪᠣᠳᠠᠲᠠᠢ ᠪᠣᠯᠪᠠᠰᠤᠷᠠᠬᠤ ᠠᠴᠢᠶᠠᠯᠠᠪᠤᠷᠢ ᠶᠢᠨ ᠲᠠᠪᠴᠠᠩ ᠢ ᠪᠠᠶᠢᠭᠤᠯᠵᠤ᠂ ᠤᠷᠠᠯᠢᠭ ᠪᠠ ᠠᠮᠢᠳᠤᠷᠠᠯ ᠠᠭᠤᠰᠤᠯᠴᠠᠭᠰᠠᠨ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠣᠨᠴᠠᠯᠢᠭ ᠲᠠᠢ ︽ᠱᠤᠭᠤᠮᠠᠯ ᠤᠨ ᠤᠷᠠᠯᠢᠭ ᠤᠨ ᠬᠤᠲᠠ︾ ᠶᠢ ᠬᠠᠮᠲᠤ ᠪᠠᠷ ᠪᠠᠶᠢᠭᠤᠯᠤᠨ᠎ᠠ᠃     ᠣᠶᠢᠷ᠎ᠠ ᠶᠢᠨ ᠵᠢᠯ ᠠᠴᠠ᠂ ᠬᠤᠲᠣᠩ ᠠᠷᠠᠳ ᠤᠨ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠨᠡᠩ ᠤᠯᠠᠨ ᠨᠡᠷᠡᠳᠦ ᠤᠷᠠᠯᠢᠭᠴᠢᠳ ᠢ ᠲᠡᠳᠡᠨ ᠣᠷᠣᠭᠤᠯᠵᠤ᠂ ᠨᠡᠩ ᠤᠯᠠᠨ ᠰᠢᠯᠢᠳᠡᠭ ᠲᠦᠷᠦᠯ ᠵᠦᠢᠯ ᠢ ᠣᠷᠣᠭᠤᠯᠤᠨ ᠠᠪᠴᠢᠷᠠᠵᠤ ᠡᠨᠡᠬᠦ ᠭᠠᠵᠠᠷ ᠰᠢᠷᠣᠢ ᠶᠢ ᠦᠨᠳᠦᠰᠦᠯᠡᠭᠦᠯᠵᠦ᠂ ᠤᠷᠠᠯᠢᠭ ᠤᠨ ᠲᠣᠰᠬᠤᠨ ᠤ ᠴᠢᠳᠠᠮᠵᠢ ᠶᠢᠨ ᠡᠵᠡᠩᠨᠡᠯᠲᠡ ᠶᠢᠨ ᠬᠡᠯᠪᠡᠷᠢ ᠶᠢ ᠴᠢᠨᠠᠭᠰᠢᠳᠠ ᠪᠠᠶᠠᠯᠢᠭᠵᠢᠭᠤᠯᠵᠤ᠂ ᠵᠣᠬᠢᠶᠠᠨ ᠪᠦᠲᠦᠭᠡᠬᠦ᠂ ᠳᠡᠯᠭᠡᠨ ᠦᠵᠡᠭᠦᠯᠬᠦ᠂ ᠰᠣᠯᠢᠯᠴᠠᠬᠤ᠂ ᠣᠶᠢᠯᠠᠭᠠᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠤᠷᠠᠯᠢᠭ ᠤᠨ ᠠᠮᠢ ᠠᠬᠤᠢ ᠶᠢ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠳᠡ ᠦᠭᠡᠢ ᠰᠣᠶᠣᠯ ᠤᠨ ᠬᠦᠴᠦᠨ ᠨᠡᠮᠡᠷᠢᠯᠡᠵᠦ᠂ ᠡᠭᠦᠨ ᠤ ᠤᠯᠠᠮ ᠠᠴᠠ ᠮᠠᠨ ᠤ ᠲᠣᠭᠤᠷᠢᠭ ᠤᠨ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ ᠤ ᠰᠤᠷᠲᠠᠯ ᠪᠣᠯᠪᠠᠰᠤᠨ ᠤ ᠪᠦᠬᠦᠯᠢ ᠴᠣᠭᠴᠠ ᠶᠢᠨ ᠲᠦᠪᠰᠢᠨ ᠢ ᠪᠦᠲᠦᠮᠵᠢᠲᠡᠢ ᠠᠬᠢᠭᠤᠯᠪᠠ᠃ ᠲᠣᠰ ᠤᠳᠠᠭᠠᠨ ᠤ ᠭᠤᠷᠪᠠᠨ ᠤᠷᠠᠯᠢᠭ ᠤᠨ ᠰᠠᠭᠤᠷᠢᠨ ᠭᠠᠵᠠᠷ ᠲᠤ ᠣᠷᠣᠵᠤ ᠰᠠᠭᠤᠭᠰᠠᠨ ᠨᠢ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠡᠭᠴᠡ ᠬᠡᠮᠵᠢᠶ᠎ᠡ ᠶᠢ ᠲᠦᠯᠬᠢᠨ ᠠᠬᠢᠭᠤᠯᠵᠤ᠂ ᠨᠠᠩ ᠴᠤ ᠬᠤᠲᠣᠩ ᠠᠷᠠᠳ ᠤᠨ ᠲᠣᠭᠤᠷᠢᠭ ᠤᠨ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠰᠠᠭᠤᠷᠢᠨ ᠭᠠᠵᠠᠷ ᠲᠤ ᠭᠦᠨ ᠵᠤᠵᠠᠭᠠᠨ ᠡᠷᠳᠡᠮ ᠰᠢᠨᠵᠢᠯᠡᠭᠡᠨ ᠤ ᠰᠠᠭᠤᠷᠢ ᠪᠠ ᠵᠣᠬᠢᠶᠠᠨ ᠪᠦᠲᠦᠭᠡᠬᠦ ᠪᠣᠳᠠᠲᠤ ᠬᠦᠴᠦᠨ ᠢ ᠲᠠᠯᠪᠢᠵᠤ ᠥᠭᠭᠦᠭᠰᠡᠨ ᠪᠠᠶᠢᠨ᠎ᠠ᠃ ᠢᠷᠡᠭᠡᠳᠦᠢ ᠳᠤ ᠠᠳᠡ ᠨᠢ ᠤᠷᠠᠯᠢᠭᠴᠢᠳ ᠤᠨ ᠠᠪᠢᠶᠠᠰ ᠪᠢᠯᠢᠭ᠂ ᠤᠨᠤᠯ ᠤᠨ ᠰᠤᠳᠤᠯᠭᠠᠨ ᠤ ᠰᠢᠮᠡᠯᠢᠭ ᠬᠥᠷᠥᠰᠥ᠂ ᠬᠤᠳᠠ ᠶᠢᠨ ᠭᠤᠸ᠎ᠠ ᠵᠦᠢ ᠶᠢᠨ ᠦᠢᠯᠡᠳᠦᠯᠭᠡ ᠶᠢᠨ ᠭᠠᠵᠠᠷ ᠪᠣᠯᠬᠤ ᠪᠣᠯᠣᠨ᠎ᠠ᠃ ᠰᠠᠭᠤᠭᠠᠯᠢ ᠠᠷᠠᠳ ᠤᠨ ᠪᠣᠳᠠᠰ ᠤᠨ ᠪᠠ ᠤᠶᠤᠨ ᠤ ᠰᠣᠶᠣᠯ ᠤᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ᠂ ᠲᠡᠭᠦᠨ ᠢ ᠬᠤᠲᠣᠩ ᠠᠷᠠᠳ ᠤᠨ ᠲᠣᠭᠤᠷᠢᠭ ᠤᠨ ᠲᠠᠲᠠᠬᠤ ᠬᠦᠴᠦᠨ ᠪᠠ ᠰᠣᠶᠣᠯ ᠤᠨ ᠢᠲᠡᠭᠡᠯ ᠢ ᠢᠯᠡᠷᠡᠭᠦᠯᠬᠦ ᠴᠣᠩᠬᠤ ᠪᠣᠯᠭᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号