4 ᠰᠠᠷ᠎ᠠ ᠶᠢᠨ 20 ᠤ ᠡᠳᠦᠷ᠂ ᠤᠰᠤᠲᠤ ᠭᠦᠢᠯᠡᠰᠦᠨ ᠴᠡᠴᠡᠭ ᠤᠨ ᠬᠥᠨᠳᠡᠢ ᠳᠤ᠂ ︽ᠴᠤᠭᠯᠠᠭᠠᠨ ᠳᠤ | ᠴᠤᠭᠯᠠᠷᠠᠪᠠᠯ ︿ᠭᠦᠢᠯᠡᠰᠦᠨ ᠬᠦᠷᠢᠶᠡᠯᠡᠩ﹀ ᠪᠠᠷ ᠭᠤᠣᠯ ᠰᠡᠳᠦᠪ ᠪᠣᠯᠭᠠᠭᠰᠠᠨ ᠵᠠᠯᠠᠭᠤ ᠠᠵᠢᠯᠲᠠᠨ ᠠᠵᠢᠯᠴᠢᠨ ᠤ | ᠨᠥᠬᠦᠷᠯᠡᠯ ᠤᠨ ᠠᠵᠢᠯᠯᠠᠭ᠎ᠠ ᠬᠦᠷ ᠬᠥᠭᠵᠢᠶᠡᠨ ᠲᠠᠢ ᠶᠠᠪᠤᠭᠳᠠᠵᠤ᠂ 200 ᠭᠠᠷᠤᠢ ᠭᠠᠭᠴᠠ ᠪᠡᠶ᠎ᠡ ᠵᠠᠯᠠᠭᠤ ᠡᠷᠡᠭᠲᠡᠢ | ᠡᠮᠡᠭᠲᠡᠢ ᠡᠨᠡ ᠬᠦ ᠷᠣᠮᠠᠨᠲ᠋ᠢᠭ ᠪᠣᠯᠵᠤᠭ᠎ᠠ ᠪᠠᠷ ᠶᠠᠪᠤᠭᠳᠠᠪᠠ᠃ | | | | ᠤᠷᠢᠬᠠᠨ ᠤᠷᠢᠬᠠᠨ ᠬᠠᠪᠤᠷ ᠨᠠᠮᠢᠷᠠᠵᠤ᠂ ᠲᠦᠮᠡᠨ ᠪᠣᠳᠠᠰ ᠠᠮᠢᠯᠠᠨ ᠰᠡᠷᠭᠦᠵᠦ᠂ ᠭᠦᠢᠯᠡᠰᠦᠨ ᠬᠦᠷᠢᠶᠡᠯᠡᠩ ᠤᠨ | ᠴᠡᠴᠡᠭ ᠬᠤᠸᠠᠷ ᠬᠠᠪᠤᠷ ᠤᠨ ᠦᠵᠡᠮᠵᠢ ᠵᠢᠷᠤᠭ ᠮᠡᠲᠦ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠶᠠᠭᠠᠨ | ᠥᠩᠭᠡ ᠶᠢᠨ ᠪᠦᠰᠡ ᠪᠣᠯᠣᠨ ᠥᠩᠭᠡᠲᠦ ᠬᠡᠶᠢᠲᠦ ᠪᠥᠮᠪᠦᠭᠡ ᠤᠭᠰᠠᠷᠠᠵᠤ᠂ ᠬᠦᠷ ᠬᠥᠭᠵᠢᠶᠡᠨ ᠲᠠᠢ ᠵᠠᠯᠠᠭᠤ ᠨᠠᠰᠤᠨ ᠤ | ᠠᠭᠤᠷ ᠠᠮᠢᠰᠬᠤᠯ ᠢᠶᠠᠷ ᠪᠢᠯᠬᠠᠨ᠎ᠠ᠃ | | | | | | | ︽ᠪᠠᠭ᠎ᠠ ᠠᠬ᠎ᠠ ᠲᠠ ᠬᠤᠶᠠᠷ ᠲᠠᠨ ᠤ ᠬᠠᠮᠲᠤ ᠡᠭᠦᠷᠭᠡ ᠪᠠᠨ ᠵᠠᠪᠠᠯ ᠪᠡᠶᠡᠯᠡᠭᠦᠯᠵᠦ ᠴᠢᠳᠠᠨ᠎ᠠ︾ ᠭᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠥᠲᠥᠯᠥᠭᠴᠢ ᠶᠢᠨ ᠵᠢᠯᠣᠭᠤᠳᠤᠯᠭ᠎ᠠ ᠳᠣᠣᠷ᠎ᠠ᠂ ᠤᠯᠠᠨ ᠢᠶᠠᠷ ᠢᠶᠠᠨ | ︽ᠰᠢᠩ ᠯᠢᠨ ᠠᠩᠬᠠᠨ ᠤ ᠲᠠᠨᠢᠯᠲᠠ︾ ᠶᠢᠨ ᠵᠢᠵᠢᠭ ᠲᠣᠭᠯᠠᠭᠠᠮ ᠢᠶᠠᠷ ᠳᠠᠮᠵᠢᠨ᠂ ᠲᠦᠷᠭᠡᠨ ︽ᠮᠥᠰᠥ ᠬᠠᠭᠠᠯᠬᠤ︾ | ᠬᠤᠭᠤᠷᠣᠨᠳᠣᠬᠢ ᠵᠠᠢ ᠪᠠᠨ ᠣᠶᠢᠷᠠᠲᠤᠭᠤᠯᠪᠠ᠃ ︽ᠴᠡᠴᠡᠭ ᠬᠠᠶᠢᠬᠤ ᠡᠭᠦᠷᠭᠡ︾ ᠶᠢᠨ ᠬᠠᠮᠵᠢᠯᠴᠠᠬᠤ ᠥᠷᠢᠰᠦᠯᠳᠦᠭᠡᠨ | ᠂ ᠪᠦᠯᠬᠦᠮ ᠨᠡᠶᠢᠲᠡ ᠶᠢᠨ ᠵᠢᠷᠤᠭ ᠨᠡᠶᠢᠯᠡᠭᠦᠯᠬᠦ᠂ ᠮᠣᠭᠠᠢ ᠢᠳᠡᠬᠦ᠂︽ᠤᠷᠠᠨ ᠦᠭᠡ ᠳᠠᠮᠵᠢᠭᠤᠯᠬᠤ ᠰᠡᠳᠬᠢᠯᠭᠡ︾ | ᠰᠡᠳᠬᠢᠯ ᠳᠣᠭᠳᠣᠯᠤᠨ ᠬᠠᠷᠢᠯᠴᠠᠨ ᠰᠣᠩᠭᠤᠬᠤ ᠵᠡᠷᠭᠡ ᠬᠠᠷᠢᠯᠴᠠᠨ ᠬᠥᠳᠡᠯᠦᠯᠴᠡᠬᠦ ᠭᠤᠭᠴᠤᠭ᠎ᠠ ᠶᠢ ᠪᠣᠢ ᠪᠣᠯᠭᠠᠵᠤ᠂ | ᠠᠩᠬ᠎ᠠ ᠲᠣᠬᠢᠶᠠᠯᠳᠤᠭᠰᠠᠨ ᠲᠠᠨᠢᠯ ᠪᠤᠰᠤ ᠰᠡᠳᠬᠢᠯᠭᠡ ᠪᠣᠯᠣᠨ ᠬᠡᠷᠰᠡᠦ ᠰᠡᠳᠬᠢᠯᠭᠡ ᠪᠠᠨ ᠰᠡᠷᠭᠦᠭᠡᠵᠦ᠂ ᠰᠣᠨᠢᠷᠬᠠᠯᠲᠠᠢ | ᠦᠭᠡ ᠶᠠᠷᠢᠶ᠎ᠠ ᠦᠢᠯᠡ ᠠᠵᠢᠯᠯᠠᠭ᠎ᠠ ᠳᠤᠮᠳᠠ ᠠᠭᠠᠵᠢᠮ ᠢᠶᠠᠷ ᠪᠠᠶᠠᠷ ᠬᠥᠷ ᠢᠶᠠᠷ ᠣᠷᠣᠯᠠᠭ ᠳᠠᠪᠠ᠃ | ᠠᠵᠢᠯᠯᠠᠭ᠎ᠠ ᠳᠤ ᠣᠷᠣᠯᠴᠠᠭᠰᠠᠨ ᠨᠢᠭᠡ ᠡᠷᠡᠭᠲᠡᠢ᠄ ︽ᠡᠩ ᠤᠨ ᠦᠶ᠎ᠡ ᠳᠤ ᠠᠵᠢᠯ ᠶᠠᠭᠠᠷᠠᠤ᠂ ᠬᠠᠵᠠᠭᠤ ᠳᠤ ᠨᠢ | ᠡᠷᠡᠭᠲᠡᠢ ᠬᠠᠮᠲᠤ ᠠᠵᠢᠯᠯᠠᠭᠰᠠᠳ ᠨᠡᠯᠢᠶᠡᠳ ᠤᠯᠠᠨ᠂ ᠵᠠᠪᠰᠢᠬᠤ ᠲᠣᠬᠢᠶᠠᠯ ᠪᠠᠶᠢᠬᠤ ᠦᠭᠡᠢ︾ ᠭᠡᠵᠦ ᠬᠡᠯᠡᠪᠡ᠃ | ᠣᠯᠠᠨ ᠢᠶᠠᠷ ᠢᠶᠠᠨ᠂ ᠬᠥᠳᠡᠯᠭᠡᠭᠡᠨ ᠤ ᠬᠡᠯᠪᠡᠷᠢ ᠨᠢ ᠰᠢᠨ᠎ᠡ ᠰᠣᠷᠭᠤᠭ᠂ ᠠᠭᠤᠯᠭ᠎ᠠ ᠨᠢ ᠪᠠᠶᠠᠯᠢᠭ ᠪᠠᠶᠢᠵᠤ᠂ ᠲᠡᠳᠡᠨ ᠤ | ᠨᠠᠶᠢᠵᠠᠯᠠᠯ ᠤᠨ ᠵᠠᠮ ᠢ ᠥᠷᠭᠡᠳᠬᠡᠵᠦ᠂ ᠰᠢᠨ᠎ᠡ ᠨᠠᠶᠢᠵᠠ ᠲᠠᠢ ᠪᠣᠯᠭᠠᠵᠠᠢ᠃ | | | | ᠲᠣᠰ ᠤᠳᠠᠭᠠᠨ ᠤ ᠠᠵᠢᠯᠯᠠᠭ᠎ᠠ ᠨᠢ ᠵᠠᠯᠠᠭᠤ ᠨᠠᠶᠢᠵᠠ ᠨᠠᠷ ᠲᠤ ᠨᠢᠭᠡᠨ ᠨᠠᠶᠢᠵᠠᠯᠠᠬᠤ ᠲᠠᠪᠴᠠᠩ ᠪᠠᠶᠢᠭᠤᠯᠤᠨ | ᠥᠭᠭᠦᠭᠰᠡᠨ ᠢᠶᠠᠷ ᠪᠠᠷᠠᠬᠤ ᠦᠭᠡᠢ᠂ ᠪᠠᠰᠠ ᠵᠠᠯᠠᠭᠤᠴᠤᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ | ᠬᠥᠭᠵᠢᠭᠡᠵᠦ᠂ ᠡᠷᠡᠭᠦᠯ ᠪᠥᠭᠡᠳ ᠴᠣᠪᠣᠭᠤ ᠨᠥᠬᠦᠷᠰᠡᠭ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | |