ᠪᠦᠭᠦ ᠣᠷᠣᠨ ᠤ 234 ᠨᠡᠷᠡᠰ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠳᠤ ᠬᠢᠯᠢ ᠬᠢᠵᠠᠭᠠᠷ ᠢ ᠰᠠᠬᠢᠨ ᠬᠠᠮᠠᠭᠠᠯᠠᠭᠰᠠᠨ ᠳᠤᠷᠠᠰᠬᠠᠯ ᠤᠨ ᠲᠡᠮᠳᠡᠭ ᠣᠯᠭᠤᠪᠠ
ᠨᠡᠶᠢᠲᠡᠯᠡᠭᠰᠡᠨ ᠴᠠᠭ᠄
2025/4/22
    ᠲᠦᠷᠦᠭᠦᠬᠡᠨ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ ᠥᠷᠲᠡᠭᠡ ᠶᠢᠨ ᠡᠯ᠎ᠡ ᠱᠠᠲᠤᠨ ᠤ ᠬᠢᠨ 2025 ᠣᠨ ᠤ ᠬᠢᠯᠢ ᠬᠢᠵᠠᠭᠠᠷ ᠢ ᠰᠠᠬᠢᠨ ᠬᠠᠮᠠᠭᠠᠯᠠᠭᠰᠠᠨ ᠳᠤᠷᠠᠰᠬᠠᠯ ᠤᠨ ᠲᠡᠮᠳᠡᠭ ᠣᠯᠭᠤᠬᠤ ᠶᠣᠰᠣᠯᠠᠯ ᠶᠠᠪᠤᠭᠤᠯᠵᠤ᠂ ᠪᠦᠭᠦ ᠣᠷᠣᠨ ᠤ 234 ᠨᠡᠷᠡᠰ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠳᠤ  ᠬᠢᠯᠢ ᠬᠢᠵᠠᠭᠠᠷ ᠢ ᠰᠠᠬᠢᠨ ᠬᠠᠮᠠᠭᠠᠯᠠᠭᠰᠠᠨ ᠳᠤᠷᠠᠰᠬᠠᠯ ᠤᠨ ᠲᠡᠮᠳᠡᠭ ᠣᠯᠭᠤᠪᠠ᠃ ᠡᠭᠦᠨ ᠳᠤ᠂ 3 ᠬᠥᠮᠥᠨ ᠳᠤ ᠬᠢᠯᠢ ᠬᠢᠵᠠᠭᠠᠷ ᠢ ᠰᠠᠬᠢᠨ ᠬᠠᠮᠠᠭᠠᠯᠠᠭᠰᠠᠨ ᠠᠯᠳᠠᠨ ᠳᠤᠷᠠᠰᠬᠠᠯ ᠤᠨ ᠲᠡᠮᠳᠡᠭ᠂ 41 ᠬᠥᠮᠥᠨ ᠳᠤ ᠬᠢᠯᠢ ᠬᠢᠵᠠᠭᠠᠷ ᠢ ᠰᠠᠬᠢᠨ ᠬᠠᠮᠠᠭᠠᠯᠠᠭᠰᠠᠨ ᠮᠥᠩᠭᠦᠨ ᠳᠤᠷᠠᠰᠬᠠᠯ ᠤᠨ ᠲᠡᠮᠳᠡᠭ᠂ 190 ᠬᠥᠮᠥᠨ ᠳᠤ ᠬᠢᠯᠢ ᠬᠢᠵᠠᠭᠠᠷ ᠢ ᠰᠠᠬᠢᠨ ᠬᠠᠮᠠᠭᠠᠯᠠᠭᠰᠠᠨ ᠬᠦᠷᠡᠯ ᠳᠤᠷᠠᠰᠬᠠᠯ ᠤᠨ ᠲᠡᠮᠳᠡᠭ ᠣᠯᠭᠤᠪᠠ᠃     ᠥᠪᠥᠷ ᠮᠣᠩᠭᠤᠯ ᠤᠨ 20 ᠭᠠᠳᠠᠭᠠᠳᠤ ᠨᠡᠭᠡᠭᠡᠯᠲᠡ ᠶᠢᠨ ᠪᠣᠭᠤᠮᠲᠠ ᠪᠠ 4200 ᠭᠠᠷᠤᠢ ᠺᠢᠯᠣᠮᠧᠲᠷ ᠤᠷᠳᠤ ᠬᠢᠯᠢ ᠶᠢᠨ ᠱᠤᠭᠤᠮ ᠳᠡᠭᠡᠷ᠎ᠡ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠦᠨᠳᠦᠰᠦ ᠬᠠᠳᠬᠤᠨ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠶᠢ ᠪᠠᠲᠤ ᠰᠠᠬᠢᠵᠤ᠂ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠡᠢ᠃ ᠲᠡᠳᠡ ᠳᠤᠮᠳᠠᠳᠤ ᠭᠠᠳᠠᠭᠠᠳᠤ ᠶᠢᠨ ᠠᠶᠠᠨᠴᠢᠳ ᠲᠤ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ ᠪᠠ ᠬᠠᠷᠢᠭᠤᠴᠠᠯᠭ᠎ᠠ ᠡᠭᠦᠷᠭᠡᠯᠡᠯ ᠳᠤ ᠲᠠᠶᠢᠯᠤᠮᠵᠢ ᠣᠯᠭᠤᠪᠠ᠃     ᠣᠶᠢᠷ᠎ᠠ ᠶᠢᠨ ᠵᠢᠯ ᠳᠤ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠷᠭᠡᠨ ᠤᠯᠠᠨ ᠬᠢᠯᠢ ᠶᠢᠨ ᠬᠠᠮᠠᠭᠠᠯᠠᠯᠲᠠ ᠶᠢᠨ ᠠᠷᠠᠳ ᠤᠨ ᠴᠠᠭᠳᠠᠭ᠎ᠠ ᠨᠠᠮ ᠪᠠ ᠠᠷᠠᠳ ᠲᠦᠮᠡᠨ ᠠᠴᠠ ᠣᠯᠭᠤᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠢᠯᠢ ᠬᠢᠵᠠᠭᠠᠷ ᠲᠤ ᠦᠨᠳᠦᠰᠦᠯᠡᠵᠦ᠂ ᠬᠢᠯᠢ ᠬᠢᠵᠠᠭᠠᠷ ᠲᠤ ᠬᠤᠪᠢ ᠨᠡᠮᠡᠷᠢ ᠦᠵᠡᠭᠦᠯᠦᠨ ᠭᠠᠪᠢᠶ᠎ᠠ ᠵᠢᠳᠬᠦᠯ ᠪᠠᠶᠢᠭᠤᠯᠵᠤ᠂ ᠤᠯᠤᠰ ᠤᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ︽ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠯᠢ ᠬᠢᠵᠠᠭᠠᠷ ᠢ ᠰᠠᠬᠢᠨ ᠬᠠᠮᠠᠭᠠᠯᠠᠭᠰᠠᠨ ᠳᠤᠷᠠᠰᠬᠠᠯ ᠤᠨ ᠲᠡᠮᠳᠡᠭ ᠣᠯᠭᠤᠬᠤ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠪᠦᠭᠦ ᠣᠷᠣᠨ ᠪᠠ ᠪᠤᠰᠤᠳ ᠬᠢᠯᠢ ᠶᠢᠨ ᠮᠤᠵᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠲᠥᠷᠥᠯ ᠠᠴᠠ ᠳᠡᠭᠡᠭᠰᠢᠬᠢ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ ᠳᠤ ᠨᠡᠶᠢᠲᠡ ᠪᠦᠬᠦᠯᠢ 30 ᠵᠢᠯ᠂ 20 ᠵᠢᠯ᠂ 10 ᠵᠢᠯ ᠠᠵᠢᠯᠯᠠᠭᠰᠠᠨ ᠠᠵᠢᠯ ᠤᠨ ᠪᠠᠶᠢᠷᠢ ᠳᠡᠭᠡᠷ᠎ᠡ ᠪᠠᠨ ᠪᠠᠶᠢᠭ᠎ᠠ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠳᠤ ᠲᠤᠰ ᠲᠤᠰ ᠳᠤᠷᠠᠰᠬᠠᠯ ᠤᠨ ᠲᠡᠮᠳᠡᠭ ᠢ ᠣᠯᠭᠤᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号