ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠪᠠᠨ ᠰᠠᠬᠢᠨ ᠪᠠᠷᠠᠯᠠᠵᠤ ᠤᠯᠤᠰ ᠤᠨ ᠠᠮᠤᠷ ᠲᠦᠪᠰᠢᠨ ᠤ | ᠢᠷᠠᠭᠤ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ ᠣᠷᠴᠢᠮᠬᠠᠨ ᠥᠪᠥᠷ ᠮᠣᠩᠭᠤᠯ ᠤᠨ ᠤᠯᠠᠨ ᠲᠦᠮᠡᠨ ᠤ | ᠤᠷᠠᠯᠢᠭ ᠤᠨ ᠣᠷᠳᠣᠨ ᠳᠤ ᠤᠯᠤᠰ ᠤᠨ ᠠᠮᠤᠷ ᠲᠦᠪᠰᠢᠨ ᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ | ᠨᠢᠵᠢᠭᠢᠷ ᠶᠠᠪᠤᠭᠳᠠᠵᠤ᠂ ᠰᠢᠭᠤᠳ ᠬᠠᠷᠢᠶ᠎ᠠ ᠤᠯᠠᠭᠠᠨᠮᠥ᠋ᠴᠢᠷ ᠤᠨ ᠬᠢᠨ ᠰᠣᠳᠣᠨ ᠰᠠᠶᠢᠬᠠᠨ ᠲᠤᠬᠯᠠᠯᠳᠠ ᠪᠠᠷ ᠢᠶᠠᠨ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠳᠤ ᠬᠦᠴᠦᠨ ᠨᠡᠮᠡᠷᠢᠯᠡᠵᠡᠢ᠃ | ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠤ ᠲᠢᠩᠬᠢᠮ ᠠᠴᠠ ᠭᠤᠣᠯᠯᠠᠨ ᠡᠷᠭᠢᠯᠡᠵᠦ᠂ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠬᠠᠮᠵᠢᠯᠴᠠᠨ ᠡᠷᠭᠢᠯᠡᠭᠰᠡᠨ ᠲᠤᠰ | ᠠᠵᠢᠯᠯᠠᠭ᠎ᠠ ᠳᠤ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠭ᠎ᠠ ᠶᠢᠨ 700 ᠰᠢᠬᠠᠮ ᠺᠠᠳ᠋ᠷ | ᠠᠵᠢᠯᠲᠠᠨ ᠤ ᠲᠥᠯᠥᠭᠡᠯᠡᠭᠴᠢ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠤ | ᠲᠢᠩᠬᠢᠮ ᠤᠨ ᠠᠵᠢᠯᠲᠠᠳ ᠣᠯᠠᠨ ᠵᠦᠢᠯ ᠤᠨ ᠭᠡᠯᠪᠡᠷᠢ ᠪᠠᠷ ᠦᠵᠡᠭᠴᠢᠳ ᠲᠤ ᠤᠯᠤᠰ ᠤᠨ ᠠᠮᠤᠷ ᠲᠦᠪᠰᠢᠨ ᠤ | ᠮᠡᠳᠡᠯᠭᠡ ᠵᠢᠴᠢ ᠠᠷᠠᠳ ᠢᠷᠭᠡᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠᠬᠢ ᠬᠠᠷᠢᠭᠤᠴᠠᠯᠭ᠎ᠠ ᠪᠠ | ᠡᠭᠦᠷᠭᠡ ᠶᠢ ᠲᠦᠭᠡᠮᠡᠯᠵᠢᠭᠦᠯᠵᠡᠢ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ | ᠭᠡᠰᠢᠭᠦᠳ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠲᠠᠢ ᠬᠠᠮᠲᠤ ᠭᠤᠶᠢᠳᠠ ᠰᠠᠶᠢᠬᠠᠨ | ᠤᠷ᠎ᠠ ᠮᠡᠷᠭᠡᠵᠢᠯ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠤᠬᠯᠠᠯᠳᠠ ᠭᠠᠷᠭᠠᠵᠤ᠂ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠡᠷᠡᠰ ᠪᠠᠲᠤ ᠢᠲᠡᠭᠡᠯ ᠵᠣᠷᠢᠭ ᠢ ᠳᠠᠮᠵᠢᠭᠤᠯᠵᠤ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ | ᠡᠭᠦᠷᠭᠡ ᠬᠠᠷᠢᠭᠤᠴᠠᠯᠭ᠎ᠠ ᠶᠢ ᠢᠯᠡᠳᠬᠡᠨ᠂ ︽ᠬᠤᠪᠢᠰᠬᠠᠯ ᠤᠨ ᠤᠳᠤᠮᠰᠢᠯ︾᠂ ︽ᠰᠣᠶᠣᠯ ᠤᠨ ᠢᠲᠡᠭᠡᠯ︾ ᠪᠣᠯᠣᠨ ︽ | ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ︾ ᠣᠶᠢᠯᠠᠭᠠᠭᠳᠠᠬᠤᠨ ᠢ ᠤᠷᠠᠨ ᠬᠠᠪᠤᠯᠢᠭ ᠠᠭᠤᠰᠤᠯᠴᠠᠭᠤᠯᠵᠤ᠂ | ᠦᠵᠡᠭᠴᠢᠳ ᠤᠨ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠬᠦ᠂ ᠤᠷᠤᠭᠰᠢᠯᠠᠨ ᠳᠠᠪᠰᠢᠬᠤ ᠬᠦᠴᠦᠨ ᠢ | ᠨᠢᠭᠲᠠᠷᠠᠭᠤᠯᠬᠤ᠂ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠴᠣᠭᠴᠠᠯᠠᠬᠤ ᠶᠢ ᠬᠥᠲᠥᠯᠥᠨ ᠳᠠᠭᠠᠭᠤᠯᠪᠠ᠃ | ᠡᠨᠡ ᠵᠢᠯ ᠪᠣᠯ ︽ᠤᠯᠤᠰ ᠤᠨ ᠠᠮᠤᠷ ᠲᠦᠪᠰᠢᠨ ᠤ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ 10 ᠵᠢᠯ ᠤᠨ ᠣᠶ | ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠬᠢᠨ ︽ᠠᠮᠢᠳᠤᠷᠠᠯ ᠳᠤ | ᠣᠶᠢᠷᠠᠲᠤᠭᠰᠠᠨ᠂ ᠳᠡᠯᠭᠡᠷᠡᠵᠦ ᠲᠠᠭᠠᠰᠢᠶᠠᠭᠳᠠᠭᠰᠠᠨ᠂ ᠰᠡᠳᠬᠢᠯ ᠳᠤ ᠰᠠᠭᠤᠭᠳᠠᠭᠰᠠᠨ︾ ᠤᠳᠬ᠎ᠠ ᠤᠷᠠᠯᠢᠭ ᠤᠨ | ᠪᠦᠲᠦᠭᠡᠯ ᠢᠶᠠᠷ ᠢᠶᠠᠨ ᠡᠨᠡ ᠬᠦ ᠴᠢᠬᠤᠯᠠ ᠶᠡᠭᠡ ᠠᠴᠢ ᠬᠤᠯᠪᠣᠭᠳᠠᠯ ᠪᠦᠬᠦᠢ ᠤᠬᠠᠭᠤᠯᠭ᠎ᠠ ᠶᠢᠨ ᠠᠵᠢᠯᠯᠠᠭ᠎ᠠ ᠳᠤ | ᠣᠷᠣᠯᠴᠠᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠠᠷᠠᠳ ᠤᠯᠠᠨ ᠤ ᠴᠡᠭᠡᠵᠢᠨ ᠳᠤ ᠰᠠᠭᠤᠭᠳᠠᠭᠤᠯᠵᠤ | ᠰᠡᠳᠬᠢᠯ ᠳᠤ ᠬᠠᠳᠠᠩᠰᠢᠭᠤᠯᠵᠠᠢ᠃ | | |