︵ᠰᠤᠷᠪᠤᠯᠵᠢᠯᠠᠭᠴᠢ ᠯᠢᠶᠠᠩ ᠵᠢᠩ ᠱᠤ᠋︶ 2025 ᠣᠨ ᠳᠤ᠂ ᠬᠥᠬᠡᠬᠤᠲᠠ ᠣᠷᠳᠣ ᠬᠤᠭᠤᠴᠠᠭᠠᠨ ᠤ | ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ︽ᠲᠠᠰ ᠳᠡᠪᠰᠢᠬᠦ︾ ᠶᠢ ᠦᠷᠭᠦᠯᠵᠢᠯᠡᠨ ᠠᠬᠢᠭᠤᠯᠵᠤ᠂ ᠲᠥᠷᠥᠯ | ᠰᠠᠳᠤᠨ ᠤ ᠰᠤᠪᠢᠯᠠᠯᠲᠠ ᠶᠢ ᠭᠡᠷ ᠲᠡᠭᠡᠨ ᠬᠠᠮ ᠰᠤᠪᠢᠯᠠᠬᠤ ᠦᠢᠯᠡᠴᠢᠯᠡᠭᠡ | ︵ᠲᠥᠷᠥᠯ ᠰᠠᠳᠤᠨ ᠬᠠᠷᠠᠭᠠᠯᠵᠠᠨ ᠰᠤᠪᠢᠯᠠᠬᠤ +ᠪᠠᠶᠢᠭᠤᠯᠤᠮᠵᠢ ᠠᠴᠠ ᠭᠡᠷ ᠲᠤ ᠨᠢ ᠬᠦᠷᠴᠦ ᠰᠤᠪᠢᠯᠠᠬᠤ︶ | ᠪᠣᠯᠭᠠᠨ ᠲᠣᠬᠢᠷᠠᠭᠤᠯᠵᠤ᠂ ᠲᠤᠰᠬᠠᠶᠢᠵᠢᠭᠰᠠᠨ᠂ ᠵᠢᠷᠤᠮᠵᠢᠭᠤᠯᠤᠭᠰᠠᠨ᠂ ᠥᠪᠡᠷᠮᠢᠴᠡᠵᠢᠭᠰᠡᠨ᠂ ᠳᠣᠲᠣᠨᠣᠴᠢᠯᠠᠭᠰᠠᠨ ᠢᠶᠠᠷ | ᠦᠢᠯᠡᠴᠢᠯᠡᠭᠡᠨ ᠤ ᠤᠳᠤᠷᠢᠳᠤᠮᠵᠢ ᠪᠣᠯᠭᠠᠵᠤ᠂ ᠴᠢᠳᠠᠪᠤᠷᠢ ᠪᠠᠨ ᠠᠯᠳᠠᠭᠰᠠᠨ ᠬᠥᠮᠥᠰ ᠤᠨ ᠨᠡᠩ ᠲᠤᠰᠬᠠᠢ | ᠮᠡᠷᠭᠡᠵᠢᠯ ᠤᠨ᠂ ᠴᠢᠨᠠᠷ ᠰᠠᠶᠢᠲᠠᠢ ᠰᠤᠪᠢᠯᠠᠯᠲᠠ ᠶᠢᠨ ᠦᠢᠯᠡᠴᠢᠯᠡᠭᠡ ᠬᠦᠷᠲᠡᠬᠦ ᠶᠢ ᠪᠠᠲᠤᠯᠠᠨ᠂ ᠴᠢᠳᠠᠪᠤᠷᠢ ᠪᠠᠨ | ᠠᠯᠳᠠᠭᠰᠠᠨ ᠬᠥᠮᠥᠰ ᠤᠨ ᠠᠮᠢᠳᠤᠷᠠᠯ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠭᠡᠷ ᠪᠦᠯᠢ ᠶᠢᠨ ᠠᠵᠤ | ᠠᠬᠤᠢ ᠶᠢᠨ ᠳᠠᠷᠤᠭᠠᠰᠤ ᠶᠢ ᠬᠥᠩᠭᠡᠷᠡᠭᠦᠯᠪᠡ᠃ | ᠮᠠᠨ ᠤ ᠬᠤᠲᠠ ᠶᠢᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠳᠤ | ᠲᠣᠬᠢᠷᠠᠭᠤᠯᠤᠯᠲᠠ ᠬᠢᠭᠰᠡᠨ ᠠᠴᠠ ᠣᠲᠣ ᠪᠣᠯᠲᠠᠯ᠎ᠠ᠂ ᠪᠥᠬᠦ ᠬᠤᠲᠠ ᠳᠤ ᠨᠢᠭᠡᠨᠲᠡ 414 ᠴᠢᠳᠠᠪᠤᠷᠢ ᠪᠠᠨ | ᠠᠯᠳᠠᠭᠰᠠᠳ ᠪᠠᠶᠢᠭᠤᠯᠤᠮᠵᠢ ᠠᠴᠠ ᠭᠡᠷ ᠲᠤ ᠨᠢ ᠬᠦᠷᠴᠦ ᠰᠤᠪᠢᠯᠠᠬᠤ ᠦᠢᠯᠡᠴᠢᠯᠡᠭᠡ ᠶᠢ ᠬᠦᠷᠲᠡᠵᠡᠢ᠃ ᠣᠳᠣᠬᠠᠨ ᠳᠤ᠂ | ᠬᠥᠬᠡᠬᠤᠲᠠ ᠨᠢᠭᠡᠨᠲᠡ ᠪᠠᠶᠢᠭᠤᠯᠤᠮᠵᠢ ᠳᠤ ᠰᠠᠭᠤᠨ ᠰᠤᠪᠢᠯᠠᠬᠤ᠂ ᠪᠠᠶᠢᠭᠤᠯᠤᠮᠵᠢ ᠠᠴᠠ ᠭᠡᠷ ᠲᠤ ᠨᠢ ᠬᠦᠷᠴᠦ | ᠰᠤᠪᠢᠯᠠᠬᠤ᠂ ︽ᠪᠠᠶᠢᠭᠤᠯᠤᠮᠵᠢ ᠠᠴᠠ ᠭᠡᠷ ᠲᠤ ᠨᠢ ᠬᠦᠷᠴᠦ ᠰᠤᠪᠢᠯᠠᠬᠤ+ᠲᠥᠷᠥᠯ ᠰᠠᠳᠤᠨ ᠬᠠᠷᠠᠭᠠᠯᠵᠠᠨ ᠰᠤᠪᠢᠯᠠᠬᠤ | ︾ ᠣᠯᠠᠨ ᠶᠠᠩᠵᠤ ᠶᠢᠨ ᠦᠢᠯᠡᠴᠢᠯᠡᠭᠡᠨ ᠤ ᠪᠠᠲᠤᠯᠠᠭ᠎ᠠ ᠶᠢ ᠪᠦᠷᠢᠯᠳᠦᠭᠦᠯᠵᠦ᠂ ᠦᠢᠯᠡᠴᠢᠯᠡᠭᠡ ᠨᠢ ᠬᠤᠲᠠ ᠬᠥᠳᠡᠭᠡ ᠶᠢ | ᠬᠠᠮᠤᠷᠴᠤ᠂ ᠲᠤᠰᠬᠠᠢ ᠰᠤᠪᠢᠯᠠᠯᠲᠠ ᠶᠢᠨ ᠦᠢᠯᠡᠴᠢᠯᠡᠭᠡ ᠶᠢ ᠠᠯᠬᠤᠮ ᠠᠯᠬᠤᠮ ᠢᠶᠠᠷ ᠬᠥᠳᠡᠭᠡ ᠲᠣᠰᠬᠤᠨ ᠤ ᠪᠤᠶᠢᠳᠠ | ᠪᠥᠭᠯᠡᠭᠦᠦ ᠭᠠᠵᠠᠷ ᠣᠷᠣᠨ ᠳᠤ ᠬᠦᠷᠲᠡᠯ᠎ᠡ ᠤᠷᠲᠤᠳᠬᠠᠵᠠᠢ᠃ |