︵ᠰᠤᠷᠪᠤᠯᠵᠢᠯᠠᠭᠴᠢ ᠠᠷᠢᠭᠤᠨ᠎ᠠ︶ 4 ᠳ᠋ᠦ᠋ᠭᠡᠷ ᠰᠠᠷ᠎ᠠ ᠶᠢᠨ 23 ᠤ ᠡᠳᠦᠷ᠂ ᠪᠦᠭᠦ ᠤᠯᠤᠰ ᠤᠨ ᠬᠤᠶᠠᠷ ᠢ | ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠶᠡᠭᠡ ᠬᠤᠷᠠᠯ ᠪᠡᠭᠡᠵᠢᠩ ᠳᠤ ᠬᠤᠷᠠᠯᠳᠤᠵᠤ᠂ ᠬᠥᠬᠡᠬᠤᠲᠠ | ᠠᠷᠪᠠ ᠤᠳᠠᠭ᠎ᠠ ᠳᠠᠷᠠᠭᠠᠯᠠᠨ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠪᠠᠷ ᠨᠡᠷᠡᠶᠢᠳᠦᠭᠳᠡᠪᠡ᠃ | | ᠣᠶᠢᠷ᠎ᠠ ᠶᠢᠨ ᠵᠢᠯ ᠤᠳ ᠲᠤ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ | ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠨᠢ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ | ᠠᠵᠢᠯ ᠤᠨ ᠲᠤᠬᠠᠢ ᠴᠢᠬᠤᠯᠠ ᠥᠭᠦᠯᠡᠯᠲᠡ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ | ᠬᠠᠷᠠᠭᠠᠯᠵᠠᠬᠤ ᠠᠵᠢᠯ ᠢ ᠯᠠᠪᠳᠠᠭᠤᠨ ᠪᠠᠲᠤᠲᠠᠢ ᠬᠢᠵᠦ᠂ ᠴᠡᠷᠢᠭ ᠪᠠ ᠴᠡᠷᠢᠭ ᠤᠨ ᠭᠡᠷ ᠪᠦᠯᠢ ᠶᠢᠨ ᠢᠷᠠᠭᠤ ᠠᠯᠳᠠᠷ ᠪᠠ | ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠂ ᠴᠡᠷᠢᠭ ᠠᠴᠠ ᠬᠠᠯᠠᠭᠳᠠᠭᠰᠠᠳ ᠲᠤ ᠨᠥᠬᠦᠴᠡᠯ ᠪᠦᠷᠢᠯᠳᠦᠭᠦᠯᠵᠦ | ᠨᠡᠶᠢᠭᠡᠮ ᠳᠡᠭᠡᠷ᠎ᠡ ᠦᠷᠭᠦᠯᠵᠢᠯᠡᠨ ᠦᠢᠯᠡᠳᠦᠯ ᠢᠶᠠᠨ ᠪᠠᠳᠠᠷᠠᠭᠤᠯᠬᠤ︾ ᠠᠵᠢᠯ ᠤᠨ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠦᠴᠢᠷ ᠴᠡᠭ ᠢ ᠠᠳᠬᠤᠨ᠂ ᠥᠪᠡᠷᠮᠢᠴᠡ | ᠣᠨᠴᠠᠯᠢᠭ ᠢ ᠪᠣᠢ ᠪᠣᠯᠭᠠᠨ᠂ ᠬᠥᠭᠵᠢᠯᠲᠡ ᠶᠢ ᠡᠷᠢᠯᠬᠢᠯᠡᠵᠦ᠂ ᠬᠤᠶᠠᠷ ᠢ ᠬᠦᠷᠢᠶᠡᠯᠡᠬᠦ ᠠᠵᠢᠯ ᠤᠨ ᠰᠡᠳᠬᠢᠮᠵᠢ ᠪᠠᠨ | ᠲᠠᠰᠤᠷᠠᠯᠲᠠ ᠦᠭᠡᠢ ᠰᠢᠨᠡᠴᠢᠯᠡᠵᠦ᠂ ᠬᠤᠶᠠᠷ ᠢ ᠬᠦᠷᠢᠶᠡᠯᠡᠬᠦ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠬᠤᠶᠠᠷ ᠢ | ᠬᠦᠷᠢᠶᠡᠯᠡᠬᠦ ᠭᠦᠨ ᠵᠤᠵᠠᠭᠠᠨ ᠬᠦᠭ ᠠᠮᠢᠰᠬᠤᠯ ᠢ ᠪᠣᠶ ᠪᠣᠯᠭᠠᠵᠤ᠂ ︽ᠴᠡᠷᠢᠭ ᠢ ᠪᠦᠬᠦ ᠨᠡᠶᠢᠭᠡᠮ ᠢᠶᠠᠷ ᠢᠶᠠᠨ | ᠬᠦᠨᠳᠦᠳᠬᠡᠳᠡᠭ ᠠᠵᠢᠯ ᠪᠣᠯᠭᠠᠬᠤ᠂ ᠴᠡᠷᠢᠭ ᠠᠴᠠ ᠬᠠᠯᠠᠭᠳᠠᠭᠰᠠᠳ ᠢ ᠪᠦᠬᠦ ᠨᠡᠶᠢᠭᠡᠮ ᠢᠶᠠᠷ ᠢᠶᠠᠨ ᠬᠦᠨᠳᠦᠳᠬᠡᠳᠡᠭ | ᠬᠥᠮᠥᠨ︾ ᠪᠣᠯᠭᠠᠬᠤ ᠬᠠᠷᠠᠯᠲᠠ ᠶᠢ ᠴᠢᠷᠮᠠᠶᠢᠨ ᠪᠡᠶᠡᠯᠡᠭᠦᠯᠪᠡ᠃ | ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠪᠣᠯ ᠮᠠᠨ ᠤ ᠤᠯᠤᠰ ᠤᠨ ᠬᠤᠶᠠᠷ ᠢ | ᠬᠦᠷᠢᠶᠡᠯᠡᠬᠦ ᠠᠵᠢᠯ ᠤᠨ ᠬᠠᠮᠤᠭ ᠤᠨ ᠳᠡᠭᠡᠳᠦ ᠢᠷᠠᠭᠤ ᠠᠯᠳᠠᠷ ᠮᠥᠨ᠂ ᠬᠥᠬᠡᠬᠤᠲᠠ 1993 ᠣᠨ ᠳᠤ ︽ᠪᠥᠬᠦ | ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠪᠠᠷ ᠨᠡᠷᠡᠶᠢᠳᠦᠭᠳᠡᠭᠰᠡᠨ ᠠᠴᠠ ᠨᠠᠭᠠᠰᠢ᠂ ᠨᠢᠭᠡᠨᠲᠡ | ᠵᠠᠯᠭᠠᠭ᠎ᠠ ᠪᠠᠷ ᠠᠷᠪᠠ ᠤᠳᠠᠭ᠎ᠠ ᠲᠣᠰ ᠢᠷᠠᠭᠤ ᠠᠯᠳᠠᠷ ᠢ ᠭᠥᠷᠳᠡᠪᠡ᠃ ᠲᠠᠷᠠᠭᠠᠴᠢ ᠶᠢᠨ ᠠᠯᠬᠤᠮ ᠳᠤ᠂ | ᠬᠥᠬᠡᠬᠤᠲᠠ ᠶᠢᠨ ᠴᠡᠷᠢᠭ ᠠᠷᠠᠳ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠴᠤᠭ ᠪᠠᠳᠠᠷᠠᠩᠭᠤᠢ ᠲᠡᠮᠡᠴᠡᠯ ᠤᠨ | ᠵᠣᠷᠢᠭ᠂ ᠨᠠᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ︽ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ | ᠬᠠᠮᠲᠤᠳᠬᠠᠨ᠂ ᠰᠡᠳᠬᠢᠯ ᠵᠢᠷᠦᠬᠡ ᠪᠠᠨ ᠬᠤᠯᠪᠣᠬᠤ︾ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ | ᠪᠠᠬᠢᠵᠢᠭᠦᠯᠦᠨ ᠬᠥᠭᠵᠢᠭᠦᠯᠵᠦ᠂ ᠰᠢᠨ᠎ᠡ ᠴᠠᠭ ᠦᠶ᠎ᠡ ᠶᠢᠨ ︽ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ | ᠴᠡᠷᠢᠭ ᠢᠶᠠᠨ ᠬᠦᠷᠢᠶᠡᠯᠡᠬᠦ᠂ ᠴᠡᠷᠢᠭ ᠠᠷᠠᠳ ᠨᠢᠭᠡ ᠭᠡᠷ ᠤᠨ ᠬᠥᠮᠥᠨ ᠮᠡᠲᠦ ᠳᠣᠲᠣᠨᠣ︾ ᠪᠠᠶᠢᠬᠤ ᠬᠤᠶᠠᠷ ᠢ | ᠬᠦᠷᠢᠶᠡᠯᠡᠬᠦ ᠠᠵᠢᠯ ᠤᠨ ᠰᠢᠨ᠎ᠡ ᠬᠠᠭᠤᠳᠠᠰᠤ ᠶᠢ ᠬᠦᠴᠦᠯᠡᠨ ᠪᠢᠴᠢᠭᠯᠡᠨ᠎ᠡ᠃ | |