ᠬᠥᠬᠡᠬᠤᠲᠠ ᠶᠢᠨ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠭᠴᠢ ᠶᠢᠨ ᠭᠤᠣᠯᠯᠠᠭᠴᠢ ᠬᠦᠴᠦᠨ ᠤ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2025/4/29
    ︵ᠰᠤᠷᠪᠤᠯᠵᠢᠯᠠᠭᠴᠢ ᠯᠢᠦᠢ ᠬᠤᠢ ᠱᠧᠩ︶ 4 ᠳ᠋ᠦ᠋ᠭᠡᠷ ᠰᠠᠷ᠎ᠠ ᠶᠢᠨ 28 ᠤ ᠡᠳᠦᠷ᠂ ᠬᠤᠶᠠᠷ ᠡᠳᠦᠷ ᠤᠨ ᠬᠤᠭᠤᠴᠠᠭ᠎ᠠ ᠲᠠᠢ ᠬᠥᠬᠡᠬᠤᠲᠠ ᠶᠢᠨ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠭᠴᠢ ᠶᠢᠨ ᠭᠤᠣᠯᠯᠠᠭᠴᠢ ᠬᠦᠴᠦᠨ ᠤ ᠪᠣᠯᠪᠠᠰᠤᠷᠠᠯ ᠤᠨ ᠠᠩᠭᠢ ᠡᠬᠢᠯᠡᠪᠡ᠃           ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠭᠤᠣᠯᠯᠠᠨ ᠡᠷᠬᠢᠯᠡᠵᠦ᠂ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ ᠬᠤᠤ ᠵᠢᠶᠦ᠋ᠨ ᠲᠤᠤ ︽ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠡᠷᠡᠰ ᠰᠠᠶᠢᠲᠤᠷ ᠬᠢᠬᠦ︾ ᠶᠢᠨ ᠲᠣᠭᠤᠷᠢᠨ ᠳᠤ ᠮᠡᠳᠡᠭᠦᠯᠦᠯᠲᠡ ᠬᠢᠵᠦ᠂ ᠵᠠᠯᠭᠠᠭᠠᠳ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠰᠢᠶᠠᠩ ᠷᠦᠩ᠂ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠯᠧᠺᠲ᠋ᠣᠷ ᠮᠠ ᠱᠢ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠤᠯᠤᠰ ᠲᠦᠷᠦ ᠪᠠ ᠬᠠᠤᠯᠢ ᠴᠠᠭᠠᠵᠠ ᠶᠢᠨ ᠵᠢᠭᠠᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠯᠢ ᠶᠠᠨ᠂ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ ᠬᠤᠤ ᠵᠢᠶᠦ᠋ᠨ ᠲᠤᠤ ᠲᠣᠰ ᠲᠣᠰ ︽ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠵᠢᠴᠢ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠶ᠎ᠠ︾ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ  ᠰᠢᠨ᠎ᠡ ᠴᠠᠭ ᠦᠶ᠎ᠡ ᠶᠢᠨ ᠰᠣᠶᠣᠯ ᠤᠨ ᠬᠠᠷᠢᠭᠤᠴᠠᠯᠭ᠎ᠠ ᠶᠢ ᠡᠭᠦᠷᠭᠡᠯᠡᠶ᠎ᠡ︾ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠶ᠎ᠠ︾ ︽ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠠᠷᠠᠳ ᠤᠨ ᠰᠡᠳᠬᠢᠯ ᠳᠤ ᠬᠡᠷᠬᠢᠨ ᠬᠠᠳᠠᠩᠰᠢᠬᠤ︾ ᠶᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃           ᠪᠣᠯᠪᠠᠰᠤᠷᠠᠭᠤᠯᠤᠯ ᠠᠴᠠ ᠡᠮᠦᠨ᠎ᠡ ᠪᠠᠰᠠ 2024 ᠣᠨ ᠤ ᠥᠪᠡᠷᠲᠡᠭᠡᠨ ᠵᠠᠰᠠᠬᠤ ᠣᠷᠣᠨ ᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠣᠨᠣᠯ ᠤᠨ ᠤᠬᠠᠭᠤᠯᠤᠨ ᠲᠠᠶᠢᠯᠪᠤᠷᠢᠯᠠᠬᠤ ᠰᠢᠯᠢᠳᠡᠭ ᠣᠨᠣᠯ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢ ᠨᠠᠶᠢᠷᠠᠭᠤᠯᠤᠨ ᠪᠢᠴᠢᠭᠴᠢ ᠪᠠ 2024 ᠣᠨ ᠤ ᠥᠪᠡᠷᠲᠡᠭᠡᠨ ᠵᠠᠰᠠᠬᠤ ᠣᠷᠣᠨ ᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠰᠢᠯᠢᠳᠡᠭ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠢᠴᠢᠯ ᠸᠢᠳᠢᠤ᠋ ᠶᠢᠨ ᠵᠣᠬᠢᠶᠠᠭᠴᠢ ᠳᠤ ᠱᠠᠩᠨᠠᠯ ᠭᠠᠷᠳᠠᠭᠤᠯᠪᠠ᠃           ᠪᠣᠯᠪᠠᠰᠤᠷᠠᠭᠤᠯᠤᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠴᠢᠬᠤᠯᠠ ᠶᠡᠭᠡ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠬᠤ ᠬᠡᠷᠡᠭᠲᠡᠢ᠃ ᠣᠨᠣᠯ ᠤᠨ ᠤᠬᠠᠭᠤᠯᠤᠨ ᠲᠠᠶᠢᠯᠪᠤᠷᠢᠯᠠᠭᠴᠢ ᠶᠢᠨ ᠭᠤᠣᠯᠯᠠᠭᠴᠢ ᠬᠦᠴᠦᠨ ᠤ ᠤᠯᠤᠰ ᠲᠦᠷᠦ ᠶᠢᠨ ᠬᠡᠪ ᠪᠣᠯᠪᠠᠰᠤᠷᠠᠯ᠂ ᠤᠨᠤᠯ ᠤᠨ ᠲᠦᠪᠰᠢᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠬᠥᠮᠥᠵᠢᠭᠦᠯᠦᠨ ᠵᠢᠯᠤᠭᠤᠳᠬᠤ ᠬᠡᠷᠡᠭᠲᠡᠢ᠃ ᠤᠨᠤᠯ ᠤᠨ ᠤᠬᠠᠭᠤᠯᠤᠨ ᠲᠠᠶᠢᠯᠪᠤᠷᠢᠯᠠᠭᠴᠢ ᠶᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠢᠯᠠᠩᠭᠤᠶ᠎ᠠ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠠᠮᠢᠳᠤᠯᠢᠭ ᠦᠯᠢᠭᠡᠷ ᠵᠢᠱᠢᠶ᠎ᠡ ᠪᠠᠷ ᠦᠵᠡᠯ ᠰᠠᠨᠠᠭ᠎ᠠ ᠶᠢ ᠤᠯᠠᠮᠵᠢᠯᠠᠵᠤ᠂ ᠣᠶᠢᠯᠠᠭᠠᠮᠵᠢᠲᠠᠢ ᠦᠭᠡ ᠬᠡᠯᠡ ᠪᠠᠷ ᠶᠣᠰᠣ ᠤᠴᠢᠷ ᠢ ᠲᠣᠳᠣᠷᠬᠠᠢ ᠶᠠᠷᠢᠵᠤ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠯᠲᠠ ᠶᠢ ᠨᠡᠩ ᠣᠯᠠᠨ ᠲᠦᠮᠡᠨ ᠲᠠᠢ ᠣᠶᠢᠷᠠᠲᠤᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠳᠠᠮᠵᠢᠭᠤᠯᠬᠤ ︽ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠵᠦ᠂ ᠨᠠᠮ ᠤᠨ ᠲᠠᠭᠤᠨ ᠢ ᠦᠨᠡᠨ ᠬᠦ ᠡᠭᠡᠯ ᠠᠷᠠᠳ ᠤᠨ ᠭᠡᠷ ᠲᠤ ᠬᠦᠷᠭᠡᠬᠦ ᠬᠡᠷᠡᠭᠲᠡᠢ ᠭᠡᠵᠡᠢ᠃           ᠲᠣᠰ ᠤᠳᠠᠭᠠᠨ ᠤ ᠪᠣᠯᠪᠠᠰᠤᠷᠠᠭᠤᠯᠤᠯ ᠳᠤ ᠡᠯ᠎ᠡ ᠬᠤᠰᠢᠭᠤ ᠰᠢᠶᠠᠨ ᠲᠣᠭᠤᠷᠢᠭ ᠤᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ᠂ ᠯᠧᠺᠲ᠋ᠣᠷ ᠤᠨ ᠪᠦᠯᠬᠦᠮ ᠤᠨ ᠬᠠᠷᠢᠭᠤᠴᠠᠯᠭᠠᠲᠠᠨ᠂ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠲᠠ ᠶᠢᠨ ᠬᠤᠷᠢᠶ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠪᠣᠳᠠᠲᠠᠢ ᠠᠵᠢᠯ ᠤᠨ ᠬᠠᠷᠢᠭᠤᠴᠠᠯᠭᠠᠲᠠᠨ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠠᠵᠢᠯ ᠲᠥᠷᠥᠯ ᠤᠨ ᠰᠢᠰᠲ᠋ᠧᠮ ᠤᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠲᠥᠯᠥᠭᠡᠯᠡᠭᠴᠢ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号